ᠲᠤᠰ ᠵᠢᠯ ᠳᠤ ᠲᠡᠭᠦᠰᠬᠦ ᠤᠶᠤᠳᠠᠳ ᠠᠴᠠ ᠡᠯᠰᠡᠬᠦ ᠬᠠᠷᠢᠴᠠᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2020/6/28
    ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ  ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠡᠯᠲᠡᠰ ᠬᠠᠮᠲᠤᠷᠠᠨ ᠮᠡᠳᠡᠭᠳᠡᠯ ᠪᠠᠭᠤᠯᠭᠠᠵᠤ᠂ 2020  ᠣᠨ ᠤ ᠤᠶᠤᠲᠠᠳ ᠠᠴᠠ ᠴᠡᠷᠢᠭ ᠡᠯᠰᠡᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠮᠡᠳᠡᠭᠳᠡᠯ ᠳᠤ ᠂  2020 ᠣᠨ ᠳᠤ ᠤᠶᠤᠲᠠᠳ ᠠᠴᠠ ᠡᠯᠰᠡᠬᠦ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠰ ᠵᠢᠯ ᠳᠤ ᠲᠡᠭᠦᠰᠬᠦ ᠤᠶᠤᠳᠠᠳ ᠠᠴᠠ ᠡᠯᠰᠡᠬᠦ ᠬᠠᠷᠢᠴᠠᠯ ᠢ ᠳᠡᠭᠡᠭᠰᠢᠯᠡᠭᠦᠯᠵᠦ᠂ ᠴᠡᠷᠢᠭ ᠠᠩᠭᠢ ᠳᠤ ᠨᠠᠩ ᠣᠯᠠᠨ ᠥᠨᠳᠥᠷ ᠬᠡᠪ  ᠪᠣᠯᠪᠠᠰᠤᠷᠠᠯ ᠲᠠᠢ ᠴᠡᠷᠢᠭ ᠬᠠᠨᠭ᠍ᠭᠠᠬᠤ ᠬᠡᠷᠡᠭᠲᠡᠢ ᠭᠡᠵᠦ ᠲᠤᠳᠤᠷᠬᠠᠢᠢᠯᠠᠪᠠ᠃  ᠮᠡᠳᠡᠭᠳᠡᠯ ᠳᠤ᠂  ᠡᠯ᠎ᠡ  ᠭᠠᠵᠠᠷ ᠤᠨ ᠬᠢᠨ ᠣᠶᠤᠲᠠᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠠᠵᠢᠯ ᠢ ᠪᠥᠬᠦ  ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠤᠨ  ᠶᠠᠪᠤᠳᠠᠯ ‍ᠤᠨ‌ᠠᠵᠢᠯᠲᠠᠨ ᠤ ᠣᠳᠣᠬᠢᠴᠢᠯᠠᠯᠲᠠ ᠶᠢ ᠳᠥᠯᠭᠢᠨ ᠠᠬᠢᠭᠤᠯᠬᠤ᠂ ᠴᠡᠷᠢᠭ ᠠᠩᠭᠢ ᠶᠢᠨ ᠳᠠᠶᠢᠴᠢᠨ ᠬᠦᠴᠦᠨ ᠢ ᠳᠡᠭᠡᠭᠰᠢᠯᠡᠭᠦᠯᠬᠦ ᠳᠤ ᠰᠢᠯᠢᠳᠡᠭ ᠴᠡᠷᠢᠭ ᠢ ᠨᠥᠬᠦᠪᠥᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃             ᠮᠡᠳᠡᠭᠳᠡᠯ ᠳᠤ᠂ ᠡᠯ᠎ᠡ ᠮᠤᠵᠢ ︵ᠥᠪᠡᠷᠲᠡᠭᠡᠨ ᠵᠠᠰᠠᠬᠤ  ᠣᠷᠣᠨ᠂ ᠰᠢᠭᠤᠳ  ᠬᠠᠷᠢᠶ᠎ᠠ  ᠬᠤᠲᠠ︶᠎ ᠶᠢᠨ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠵᠢᠯ ᠤᠨ ᠠᠯᠪᠠᠨ ᠭᠡᠷ᠂ ᠰᠤᠷᠭᠠᠨ ᠬᠥᠮᠦᠵᠢᠯ ᠤᠨ ᠲᠢᠩᠬᠢᠮ ︵ᠰᠤᠷᠭᠠᠨ ᠬᠥᠮᠦᠵᠢᠯ ‍ᠤᠨ‌ᠵᠥ᠋ᠪᠯᠡᠯ︶ ᠬᠠᠷᠢᠶ᠎ᠠ ᠣᠷᠣᠨ ᠤ ᠪᠠᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠪᠣᠯᠤᠨ ᠲᠡᠭᠦᠰᠭᠦ ᠤᠶᠤᠳᠠᠳ ᠢ ᠡᠯᠰᠡᠬᠦ ᠡᠭᠦᠷᠭᠡ ᠪᠠᠨ ᠲᠣᠳᠣᠷᠬᠠᠶᠢᠯᠠᠵᠤ᠂ ᠲᠡᠭᠦᠰᠬᠦ ᠤᠶᠤᠳᠠᠳ ᠢ ᠡᠯᠰᠡᠬᠦ ᠠᠵᠢᠯ ᠢ ᠡᠨᠡ ᠵᠢᠯ ᠤᠨ ᠤᠶᠤᠲᠠᠳ ᠠᠴᠠ  ᠴᠡᠷᠢᠭ ᠡᠯᠰᠡᠬᠦ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠤᠶᠤᠲᠠᠳ ᠠᠴᠠ ᠡᠯᠰᠡᠬᠦ  ᠬᠡᠪᠴᠢᠶ᠎ᠡ  ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠰ ᠵᠢᠯ ᠳᠤ ᠲᠡᠭᠦᠰᠬᠦ ᠤᠶᠤᠳᠠᠳ ᠠᠴᠠ ᠡᠯᠰᠡᠬᠦ ᠬᠠᠷᠢᠴᠠᠯ ᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠭᠠᠵᠠᠷ ᠤᠨ ᠬᠢᠨ ᠬᠢᠵᠢᠭ ᠢ ᠰᠡᠷᠭᠡᠶᠢᠯᠡᠨ ᠬᠤᠷᠢᠬᠯᠠᠬᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠤᠶᠤᠲᠠᠳ ᠤᠨ ᠴᠡᠷᠢᠭ ᠲᠤ ᠣᠷᠣᠬᠤ ᠰᠠᠭᠠᠳ ᠥᠬᠡᠶ ᠨᠡᠪᠲᠡᠷᠡᠬᠦ  ᠵᠠᠮ ᠢ ᠨᠡᠪᠲᠡᠷᠡᠭᠦᠯᠵᠦ᠂ ᠤᠶᠤᠲᠠᠳ ᠤᠨ ᠴᠠᠭ ᠲᠠᠷᠤᠢ ᠳᠤᠨᠢ ᠴᠡᠷᠢᠭ ᠲᠤ ᠨᠡᠷ᠎ᠠ ᠮᠡᠳᠡᠭᠦᠯᠭᠦ᠂ ᠴᠠᠭ ᠲᠠᠷᠤᠢ ᠳᠤᠨᠢ ᠥᠷᠲᠡᠭᠡᠨ ᠳᠤ ᠪᠡᠶ᠎ᠡ ᠶᠢᠨ ᠪᠠᠶᠢᠴᠠᠭᠠᠯᠲᠠ ᠬᠢᠬᠦ ᠶᠢ ᠪᠡᠶᠡᠯᠡᠭᠦᠯᠭᠦ  ᠬᠡᠷᠡᠭᠲᠡᠢ᠃ ᠣᠶᠤᠲᠠᠳ ᠢᠯᠠᠩᠭᠤᠶ᠎ᠠ ᠲᠡᠭᠦᠰᠭᠦ ᠤᠶᠤᠳᠠᠳ ᠤᠨ ᠬᠢᠷᠢ ᠲᠡᠩᠴᠡᠭᠰᠡᠨ ᠬᠥᠮᠦᠨ ᠤ ᠲᠤᠭ᠎ᠠ ᠨᠡᠯᠢᠶᠡᠳ ᠣᠯᠠᠨ ᠪᠠᠶᠢᠭ᠎ᠠ ᠨᠢᠭᠡᠴᠡ ᠶᠢ ᠮᠤᠵᠢ ᠶᠢᠨ ᠬᠡᠪᠴᠢᠶᠡᠨ ᠤ  ᠨᠢᠭᠡᠳᠦᠯᠲᠡᠶ ᠲᠥᠯᠥᠪᠯᠡᠬᠦ ᠬᠦᠷᠢᠶ᠎ᠡ ᠴᠠᠷᠠᠭᠠᠨ ᠳᠤ ᠣᠷᠣᠭᠤᠯᠵᠤ᠂  ᠬᠢᠷᠢ ᠲᠡᠩᠴᠡᠭᠰᠡᠨ ᠲᠡᠭᠦᠰᠭᠦ ᠤᠶᠤᠳᠠᠳ ᠤᠨ ᠡᠩ ᠲᠡᠷᠢᠭᠦᠨ ᠳᠤ ᠴᠡᠷᠢᠭ ᠲᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ᠂ 2021 ᠣᠨ ᠠᠴᠠ ᠡᠬᠢᠯᠡᠨ ︽ᠴᠡᠷᠢᠭ ‍ᠤᠨ‌ᠠᠯᠪᠠᠨ ᠠᠴᠠ ᠪᠠᠭᠤᠭᠰᠠᠨ ᠣᠶᠤᠲᠠᠨ ᠪᠠᠶᠢᠯᠳᠤᠭᠴᠢ︾᠎  ᠎ ᠠᠴᠠ ᠲᠤᠰᠬᠠᠶ ᠠᠰᠫᠢᠷᠠᠨᠲ ᠡᠯᠰᠡᠬᠦ ᠬᠡᠪᠴᠢᠶ᠎ᠡ ᠶᠢ ᠥᠷᠭᠡᠳᠬᠡᠵᠦ᠂ ᠣᠳᠣᠬᠠᠨ ᠤ ᠵᠢᠯ ᠪᠦᠷᠢ ᠳᠤ 5000 ᠬᠥᠮᠦᠨ ᠪᠠᠶᠢᠭᠰᠠᠨ ᠠᠴᠠ 8000 ᠬᠥᠮᠦᠨ ᠪᠣᠯᠭᠠᠨ  ᠥᠷᠭᠡᠳᠬᠡᠵᠦ᠂  ︽ᠬᠤᠤᠰ ᠲᠡᠷᠢᠭᠦᠨ ᠲᠠᠰ︾᠎ ᠤᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠳᠠᠰᠢ ᠭᠤᠤᠯᠳᠠᠯᠭ᠎ᠠ ᠲᠠᠢ  ᠬᠡᠯᠪᠠᠶᠢᠯᠭᠡᠨ᠎ᠡ  ᠭᠡᠵᠦ ᠲᠤᠳᠤᠷᠬᠠᠢᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号