ᠲᠥᠪ ᠎ ᠤᠨ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠦᠬᠦᠪᠦᠷᠢ ᠮᠦᠡᠭᠭᠦ ᠶᠢ1695.9 ᠳ᠋ᠦᠩᠰᠢᠭᠤᠷ ᠲᠥᠭᠦᠷᠢᠭ  ᠪᠠᠭᠤᠯᠭᠠᠪᠠ
ᠨᠡᠶᠢᠲᠡᠯᠡᠭᠰᠡᠨ ᠴᠠᠭ᠄
2020/6/30
    ᠲᠥᠪ ᠤᠨ ᠡᠳ᠋ ᠤᠨ  ᠵᠠᠰᠠᠭ ᠠᠴᠠ  2020  ᠣᠨ ᠤ  ᠬᠤᠲᠠ  ᠬᠥᠳᠡᠭᠡ  ᠶᠢᠨ  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠦᠬᠦᠪᠦᠷᠢ ᠮᠦᠡᠭᠭᠦ ᠶᠢ 1695.9 ᠳ᠋ᠦᠩᠰᠢᠭᠤᠷ ᠲᠥᠭᠦᠷᠢᠭ  ᠪᠠᠭᠤᠯᠭᠠᠪᠠ ᠂ ᠡᠨᠡ ᠨᠢ ᠲᠦᠷᠦᠭᠦᠤ ᠵᠢᠯ ᠤᠨ ᠬᠢ ᠠᠴᠠ ᠪᠠᠨ 130.6  ᠳ᠋ᠦᠩᠰᠢᠭᠤᠷ  ᠲᠥᠭᠦᠷᠢᠭ  ᠨᠡᠮᠡᠭᠳᠡᠵᠦ᠂  ᠨᠡᠮᠡᠭᠳᠡᠯ ᠤᠨ ᠬᠡᠮᠵᠢᠶ᠎ᠡ ᠨᠢ 8.3%᠎ ᠳᠤ ᠬᠦᠷᠴᠡᠢ᠃             2020 ᠣᠨ ᠳᠤ᠂ ᠰᠤᠷᠭᠠᠨ ᠬᠥᠮᠦᠵᠢᠯ ᠤᠨ ᠵᠠᠷᠤᠳᠠᠯ ᠤᠨ ᠨᠦᠬᠦᠪᠦᠷᠢ ᠮᠦᠡᠭᠭᠦ ᠶᠢ ᠪᠠᠭᠤᠷᠠᠶ ᠭᠤᠬᠴᠤᠭ᠎ᠠ  ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠢᠯᠡᠬᠦᠦ  ᠦᠭᠴᠦ᠂ ᠣᠷᠣᠨ  ᠨᠤᠲᠤᠭ  ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠨ ᠲᠣᠬᠢᠷᠠᠭᠤᠯᠤᠨ ᠰᠢᠯᠢᠳᠡᠭᠵᠢᠭᠦᠯᠬᠦ ᠶᠢ  ᠦᠷᠭᠦᠯᠵᠢᠯᠡᠨ ᠳᠡᠮᠵᠢᠵᠦ᠂ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ ᠵᠥᠷᠢᠶ᠎ᠡ ᠶᠢ  ᠪᠠᠭᠠᠰᠬᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ᠃             ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ  ᠰᠠᠭᠤᠷᠢ  ᠲᠤᠭ᠎ᠠ  ᠨᠣᠷᠮ᠎ᠠ ᠎ ᠶᠢ  ᠠᠳᠠᠯᠢ  ᠪᠤᠯᠭᠠᠨ᠎ᠠ᠃  ᠬᠠᠪᠤᠷ  ᠤᠯᠠᠷᠢᠯ ᠎ ᠤᠨ ᠰᠤᠷᠤᠯᠭ᠎ᠠ ᠎ ᠶᠢᠨ ᠬᠤᠭᠤᠴᠠᠭ᠎ᠠ ᠠᠴᠠ ᠡᠬᠢᠯᠡᠨ᠂  ᠳᠤᠮᠳᠠ  ᠪᠠᠷᠠᠭᠤᠨ  ᠬᠡᠰᠡᠭ ᠎ ᠤᠨ  ᠭᠠᠵᠠᠷ  ᠣᠷᠣᠨ ᠤ  ᠪᠠᠭ᠎ᠠ  ᠰᠤᠷᠭᠠᠭᠤᠯᠢ ᠶᠢᠨ  ᠰᠤᠷᠤᠭᠴᠢ ᠨᠢᠭᠡᠪᠦᠷᠢ ᠳᠤ ᠳᠤᠮᠳᠠᠴᠢ ᠪᠠᠷ ᠵᠢᠯ ᠳᠤ 600 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ  ᠰᠤᠷᠤᠭᠴᠢ ᠳᠤ 800 ᠲᠥᠭᠦᠷᠢᠭ ᠦᠭᠴᠦ ᠪᠠᠶᠢᠭᠰᠠᠨ ᠢ ᠪᠠᠭ᠎ᠠ ᠰᠤᠷᠭᠠᠭᠤᠯᠢ ᠎ ᠶᠢᠨ ᠰᠤᠷᠤᠬᠴᠢ  ᠳᠤ 650 ᠲᠥᠭᠦᠷᠢᠭ᠂ ᠠᠩᠬ᠎ᠠ  ᠵᠡᠷᠭᠡ  ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢ ᠳᠤ 850 ᠲᠥᠭᠦᠷᠢᠭ  ᠪᠣᠯᠭᠠᠨ  ᠳᠡᠭᠡᠭᠰᠢᠯᠡᠭᠦᠯᠵᠦ᠂  ᠵᠡᠭᠦᠨ ᠬᠡᠰᠡᠭ ᠤᠨ  ᠭᠠᠵᠠᠷ ᠣᠷᠣᠨ ᠲᠠᠢ ᠠᠳᠠᠯᠢ ᠪᠤᠯᠭᠠᠨ᠎ᠠ︔ ᠡᠨᠡᠬᠦ ᠰᠠᠭᠤᠷᠢᠨ ᠳᠡᠭᠡᠷ᠎ᠡ᠂ ︽ᠭᠤᠷᠪᠠᠨ ᠣᠷᠣᠨ ᠭᠤᠷᠪᠠᠨ ᠵᠧᠤ︾᠎ ᠶᠢᠨ ᠬᠠᠬᠢᠷ ᠬᠦᠢᠳᠡᠨ ᠪᠠ ᠲᠡᠯᠡᠶ ᠶᠢᠨ ᠲᠦᠪᠰᠢᠨ ᠠᠴᠠ ᠥᠨᠳᠥᠷ ᠪᠠᠶᠢᠬᠤ ᠭᠠᠵᠠᠷ ᠣᠷᠣᠨ ᠤ ᠰᠤᠷᠭᠠᠭᠤᠯᠢ  ᠶᠢᠨ ᠨᠡᠶᠢᠲᠡ  ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ  ᠮᠦᠡᠭᠭᠦ ᠎ ᠶᠢᠨ  ᠲᠦᠪᠰᠢᠨ  ᠢ  ᠴᠢᠨᠠᠬᠰᠢᠳᠠ  ᠳᠡᠭᠡᠭᠰᠢᠯᠡᠭᠦᠯᠵᠦ᠂ ᠰᠤᠷᠭᠠᠭᠤᠯᠢ ᠶᠢᠨ ᠡᠪᠦᠯ ᠤᠨ ᠤᠯᠠᠷᠢᠯ ‍ᠤᠨ‌‍ᠲ᠋ᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠨ᠎ᠡ᠃           ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ  ᠬᠥᠮᠦᠵᠢᠯ ᠤᠨ  ᠰᠤᠷᠭᠠᠭᠤᠯᠢ ᠶᠢᠨ  ᠪᠠᠭᠰᠢ ᠶᠢᠨ  ᠣᠨᠴᠠᠭᠠᠢ ᠠᠵᠢᠯ  ᠤᠨ ᠪᠠᠶᠢᠷᠢ ᠎ ᠶᠢᠨ ᠲᠥᠯᠥᠪᠯᠡᠭᠡ ᠎ ᠶᠢ  ᠰᠠᠶᠢᠲᠤᠷ  ᠬᠡᠷᠡᠭᠵᠢᠭᠦᠯᠦᠨ᠎ᠡ᠃ ︽ᠰᠠᠭᠤᠭᠠᠯᠢ  ᠠᠷᠠᠳ ᠤᠨ ᠠᠵᠢᠯ  ᠣᠯᠬᠤ ᠶᠢ ᠪᠠᠲᠤᠯᠠᠬᠤ︾ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠦᠷᠦᠬᠦᠦ ᠵᠢᠯ ᠳᠤ 1 ᠲᠦᠮᠡᠨ ᠬᠥᠮᠦᠨ ᠨᠡᠮᠡᠭᠳᠡᠭᠰᠡᠨ ᠰᠠᠭᠤᠷᠢᠨ‌‍ᠲ᠋ᠡᠭᠡᠷ᠎ᠡ᠂ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠬᠡᠪᠴᠢᠶ᠎ᠡ ᠶᠢ 5000 ᠬᠦᠮᠦᠨ ᠡᠯᠰᠡᠬᠦ  ᠪᠤᠯᠭᠠᠨ ᠴᠢᠨᠠᠬᠰᠢᠳᠠ ᠥᠷᠭᠡᠳᠬᠡᠵᠦ᠂ 10.5 ᠲᠦᠮᠡᠨ ᠬᠥᠮᠦᠨ ᠳᠤ ᠬᠦᠷᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠬᠦᠨᠳᠦ ᠨᠣᠴᠢᠲᠠᠶ ᠪᠠᠶᠢᠭ᠎ᠠ ᠭᠠᠵᠠᠷ ᠣᠷᠣᠨ ᠤ ᠲᠣᠰᠬᠤᠨ ᠤ ᠪᠠᠭ᠎ᠠ ᠰᠤᠷᠭᠠᠭᠤᠯᠢ᠂  ᠵᠢᠭᠠᠨ ᠰᠤᠷᠭᠠᠬᠤ ᠴᠡᠭ ᠤᠨ ᠪᠠᠭᠰᠢ ᠨᠠᠷ ᠤᠨ ᠨᠥᠬᠦᠪᠥᠷᠢ ᠮᠦᠡᠭᠭᠦ ᠶᠢᠨ ᠬᠡᠷᠡᠭᠴᠡᠭᠡ ᠶᠢ ᠡᠩ ᠲᠡᠷᠢᠭᠦᠨ ᠳᠤ  ᠬᠠᠩᠭᠠᠬᠤ ᠶᠢᠨ ᠬᠠᠮᠲᠤ ᠬᠤᠪᠸᠢ ᠨᠤᠲᠤᠭ ᠲᠠᠢ ᠪᠠ ᠬᠤᠪᠸᠢ ᠮᠤᠵᠢ ᠶᠢᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠢᠯᠡᠬᠦᠦ ᠬᠠᠷᠠᠭᠠᠯᠵᠠᠯ ᠦᠵᠡᠬᠦᠯᠦᠨ᠎ᠡ᠃             ᠬᠥᠳᠡᠭᠡ ᠲᠣᠰᠬᠤᠨ ᠤ  ᠠᠯᠪᠠᠨ  ᠵᠢᠷᠤᠮ ᠤᠨ  ᠰᠤᠷᠭᠠᠨ  ᠬᠥᠮᠦᠵᠢᠯ ᠤᠨ  ᠰᠤᠷᠤᠭᠴᠢᠳ ᠤᠨ  ᠰᠢᠮ᠎ᠡ  ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠤᠯᠤᠰ ᠤᠨ ᠲᠤᠷᠰᠢᠯᠲᠠ ᠶᠢᠨ ᠭᠠᠵᠠᠷ ᠣᠷᠣᠨ ᠤ ᠬᠡᠷᠡᠭᠰᠡᠬᠦ ᠪᠡᠯᠡ ᠮᠥᠩᠭᠦ ᠎ ᠶᠢ ᠪᠦᠬᠦᠨ  ᠢ ᠲᠥᠪ  ᠤᠨ  ᠡᠳ᠋  ᠤᠨ  ᠵᠠᠰᠠᠭ ᠎ ᠠᠴᠠ  ᠡᠭᠦᠷᠭᠡᠯᠡᠨ᠎ᠡ᠃ ᠣᠷᠣᠨ ᠨᠤᠲᠤᠭ  ᠤᠨ ᠲᠤᠷᠰᠢᠯᠲᠠ ᠶᠢᠨ ᠴᠡᠭ ᠎ ᠤᠨ ᠭᠠᠵᠠᠷ ᠣᠷᠣᠨ  ᠢ ᠱᠠᠩᠨᠠᠵᠤ  ᠨᠥᠬᠦᠪᠥᠷᠢᠯᠡᠬᠦ  ᠡᠷᠴᠢᠮ ᠢ  ᠴᠢᠨᠠᠬᠰᠢᠳᠠ  ᠴᠢᠩᠭᠠᠷᠠᠭᠤᠯᠵᠤ᠂  ᠣᠷᠣᠨ  ᠨᠤᠲᠤᠭ ᠤᠨ ᠲᠤᠷᠰᠢᠯᠲᠠ ᠶᠢᠨ ᠴᠡᠭ ᠤᠨ ᠪᠠᠷᠢᠮᠵᠢᠶ᠎ᠠ ᠨᠢ 4 ᠲᠥᠭᠦᠷᠢᠭ ᠤᠨ ᠤᠯᠤᠰ ᠤᠨ ᠰᠠᠭᠤᠷᠢ ᠪᠠᠷᠢᠮᠵᠢᠶ᠎ᠠ ᠎ ᠳᠤ ᠬᠦᠷᠦᠭᠰᠡᠨ ᠮᠤᠵᠢ ᠣᠷᠣᠨ ᠤ ᠰᠤᠷᠤᠭᠴᠢ ᠨᠢᠭᠡᠪᠦᠷᠢ ᠳᠤ ᠳᠤᠮᠳᠠᠴᠢ ᠪᠠᠷ 3 ᠲᠥᠭᠦᠷᠢᠭ ‍ᠤᠨ‌‍ᠲ᠋ᠣᠭᠲᠠᠭᠰᠠᠨ ᠲᠤᠭᠠᠨ ᠤ  ᠱᠠᠩᠨᠠᠯ ᠤᠨ  ᠨᠥᠬᠦᠪᠥᠷᠢ ᠮᠦᠡᠭᠭᠦ ᠦᠭᠭᠦᠨ᠎ᠡ᠃           ᠬᠥᠳᠡᠭᠡ ᠲᠣᠰᠬᠤᠨ ᠤ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ  ᠪᠠᠲᠤᠯᠠᠬᠤ  ᠤᠷᠲᠤ  ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠣᠨ ᠨᠤᠲᠤᠭ ᠤᠨ ᠰᠣᠷᠣᠭᠴᠢ ᠶᠢᠨ ᠲᠤᠭ᠎ᠠ ᠬᠡᠲᠦᠷᠡᠭᠰᠡᠨ ᠠᠩᠭᠢ ᠶᠢ ᠦᠭᠡᠢ ᠪᠤᠯᠭᠠᠬᠤ ᠳᠤ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠳᠡᠮᠵᠢᠵᠦ᠂ ᠰᠢᠶᠠᠩ ᠪᠠᠯᠭᠠᠰᠤ ᠶᠢᠨ ᠪᠠᠶᠢᠷᠢ ᠳᠤ  ᠰᠠᠭᠤᠬᠤ  ᠳᠦᠷᠢᠮᠲᠦ  ᠰᠤᠷᠭᠠᠭᠤᠯᠢ  ᠪᠠ  ᠬᠥᠳᠡᠭᠡ  ᠲᠣᠰᠬᠤᠨ  ᠤ  ᠪᠠᠭ᠎ᠠ  ᠬᠡᠪᠴᠢᠶᠡᠨ  ᠤ   ᠰᠤᠷᠭᠠᠭᠤᠯᠢ ᠎ ᠶᠢᠨ ᠳᠤᠲᠠᠭᠤᠳᠠᠯ ᠢ ᠦᠨᠳᠦᠰᠦᠨ ᠳᠡᠭᠡᠨ ᠨᠥᠬᠦᠪᠥᠷᠢᠯᠡᠨ᠎ᠡ᠃ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠎ ᠶᠢᠨ ᠬᠠᠮᠲᠤ᠂  ᠡᠳ᠋ ‍ᠤᠨ‌ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠲᠠᠢ ᠬᠠᠮᠲᠤᠷᠠᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠪᠠ ᠡᠳ᠋ ‍ᠤᠨ‌ᠵᠠᠰᠠᠭ ᠤᠨ ᠰᠠᠯᠠᠭ᠎ᠠ ᠮᠥᠴᠢᠷ ᠢ  ᠱᠠᠯᠠᠪᠳᠠᠵᠣ ᠪᠠᠶᠢᠭᠠᠳ ᠨᠢᠭᠡᠳᠦᠯᠲᠡᠶ ᠲᠥᠯᠥᠪᠯᠡᠬᠦ  ᠦᠢᠯᠡᠳᠦᠯ ᠢ ᠨᠢ  ᠦᠨᠡᠨᠬᠦ  ᠪᠠᠳᠠᠷᠠᠭᠤᠯᠵᠤ᠂ ᠣᠷᠣᠨ ᠨᠤᠲᠤᠭ ᠢ ᠵᠢᠯᠣᠭᠤᠳᠴᠤ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠳᠤᠯᠠᠭ᠎ᠠ ᠲᠠᠢ ᠪᠤᠯᠭᠠᠬᠤ ᠪᠤᠭᠤᠮᠳᠠ ᠰᠢᠪᠳᠤᠯᠬᠤ ᠠᠵᠢᠯ ᠢ ᠰᠠᠶᠢᠲᠤᠷ ᠬᠢᠯᠭᠡᠨ᠎ᠡ᠃ ᠨᠢᠭᠡᠨᠲᠡ ᠲᠣᠭᠲᠠᠭᠰᠠᠨ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ  ᠰᠢᠪᠲᠤᠯᠬᠤ ᠬᠠᠷᠠᠯᠲᠠ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠶᠢ ᠪᠠᠷᠢᠮᠲᠠᠯᠠᠬᠤ ᠶᠢᠨ ᠰᠠᠭᠤᠷᠢᠨ ᠳᠡᠭᠡᠷ᠎ᠡ᠂ ᠠᠷᠭ᠎ᠠ ᠪᠣᠳᠣᠯᠭ᠎ᠠ ᠶᠢ ᠨᠠᠷᠢᠯᠢᠭ ᠣᠨᠣᠪᠴᠢᠲᠠᠶ ᠬᠡᠷᠡᠭᠵᠢᠭᠦᠯᠵᠦ᠂ ︽ᠭᠤᠷᠪᠠᠨ ᠣᠷᠣᠨ ᠭᠤᠷᠪᠠᠨ ᠵᠧᠤ︾ ᠵᠡᠷᠭᠡ ᠣᠨᠴᠠ  ᠶᠠᠳᠠᠭᠤ ᠬᠦᠴᠢᠷᠳᠡᠯᠲᠡᠶ ᠭᠠᠵᠠᠷ ᠣᠷᠣᠨ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠠᠷ  ᠪᠣᠭᠤᠮᠲᠠ  ᠰᠢᠪᠲᠤᠯᠬᠤ ᠲᠠᠶᠢᠯᠠᠯᠳᠤᠭᠠᠨ ᠬᠢᠵᠦ ᠪᠠᠶᠢᠭ᠎ᠠ ᠰᠢᠶᠠᠨ ᠪᠠ ᠲᠠᠩᠰᠠ ᠡᠪᠬᠡᠮᠡᠯ ᠪᠠᠶᠢᠭᠤᠯᠤᠨ ᠺᠠᠷᠲ᠋ᠠᠯᠠᠬᠰᠠᠨ ᠵᠡᠷᠭᠡ  ᠶᠠᠳᠠᠭᠤ  ᠬᠦᠴᠢᠷᠳᠡᠯᠲᠡᠶ  ᠬᠥᠮᠦᠨ  ᠠᠮᠠ ᠳᠤ ᠢᠯᠡᠬᠦᠦ ᠬᠠᠷᠠᠭᠠᠯᠵᠠᠯ ᠦᠵᠡᠬᠦᠯᠦᠨ᠎ᠡ᠃             ᠡᠳ᠋  ᠤᠨ ᠵᠠᠰᠠᠭ ᠤᠨ ᠶᠠᠮᠤᠨ ᠤ ᠬᠢᠨ ᠬᠡᠯᠡᠬᠦ ᠳᠡᠭᠡᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠥᠪ ᠤᠨ ᠡᠳ᠋ ᠤᠨ ᠵᠠᠰᠠᠭ ᠠᠴᠠ ᠨᠡᠶᠢᠲᠡ 7495 ᠳ᠋ᠦᠩᠰᠢᠭᠤᠷ ᠲᠥᠭᠦᠷᠢᠭ ᠤᠨ ᠰᠤᠷᠭᠠᠨ ᠬᠦᠮᠦᠵᠢᠯ ‍ᠤᠨ‌ᠵᠠᠷᠤᠳᠠᠯ ᠤᠨ ᠨᠥᠬᠦᠪᠥᠷᠢ ᠮᠦᠡᠭᠭᠦ ᠲᠣᠬᠢᠷᠠᠭᠤᠯᠵᠤ᠂ ᠵᠢᠯ  ᠪᠦᠷᠢ ᠶᠢᠨ  ᠳᠤᠮᠳᠠᠴᠢ  ᠨᠡᠮᠡᠭᠳᠡᠯ ᠨᠢ  5.97%᠎ ᠳᠤ  ᠬᠦᠷᠴᠡᠢ᠃ ᠡᠭᠦᠨ ᠳᠤ ᠬᠥᠳᠡᠭᠡ ᠲᠣᠰᠬᠤᠨ ᠳᠤ ᠬᠡᠷᠡᠭᠯᠡᠭᠰᠡᠨ ᠪᠡᠯᠡ  ᠮᠥᠩᠭᠦ ᠶᠢᠨ  ᠬᠠᠷᠢᠴᠠᠯ  90%  ᠣᠷᠴᠢᠮ ᠢ  ᠡᠵᠡᠯᠡᠬᠦ︔  ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠡᠷᠡᠭᠯᠡᠭᠰᠡᠨ ᠪᠡᠯᠡ ᠮᠥᠩᠭᠦ ᠶᠢᠨ ᠬᠠᠷᠢᠴᠠᠯ 80%᠎ ᠠᠴᠠ  ᠳᠡᠭᠡᠭᠰᠢ ᠶᠢ  ᠡᠵᠡᠯᠡᠬᠦ ᠶᠢ ᠪᠠᠲᠤᠯᠠᠵᠡᠢ᠃ ᠪᠦᠬᠦ ᠤᠯᠤᠰ ᠲᠤ ᠵᠢᠯ ᠪᠦᠷᠢ ᠪᠠᠷᠤᠭ 1.54 ᠳ᠋ᠦᠩᠰᠢᠭᠤᠷ ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ ᠪᠠᠶᠢᠬᠤ ᠪᠥᠭᠡᠳ ᠬᠢᠴᠢᠶᠡᠯ ᠤᠨ ᠪᠢᠴᠢᠭ ᠠᠴᠠ ᠰᠦᠢᠳᠭᠡᠯ ᠬᠤᠷᠢᠶᠠᠬᠤ  ᠦᠭᠡᠢ  ᠪᠠᠶᠢᠵᠤ᠂  ᠪᠠᠷᠤᠭ ᠭᠡᠷ ᠤᠨ ᠠᠮᠢᠳᠤᠷᠠᠯ ᠨᠢ ᠬᠦᠴᠢᠷᠳᠡᠯ ᠲᠠᠢ 2500 ᠲᠦᠮᠡᠨ ᠰᠤᠷᠤᠭᠴᠢ ᠳᠤ ᠠᠮᠢᠳᠤᠷᠠᠯ ᠤᠨ ᠨᠥᠬᠦᠪᠥᠷᠢ ᠤᠯᠭᠤᠵᠤ᠂ ᠬᠤᠲᠠ  ᠣᠷᠣᠵᠤ ᠬᠥᠯᠥᠰᠥᠨ ᠠᠵᠢᠯ ᠬᠢᠵᠦ ᠪᠠᠶᠢᠭ᠎ᠠ 1400 ᠲᠦᠮᠡᠨ ᠬᠥᠯᠥᠰᠥᠨ ᠠᠵᠢᠯᠴᠢᠨ ᠤ ᠳᠠᠭᠠᠵᠤ  ᠨᠡᠭᠦᠭᠰᠡᠨ  ᠦᠷ᠎ᠡ  ᠬᠡᠦᠬᠡᠳ  ᠎ ᠤᠨ ᠰᠤᠷᠤᠬᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠨᠣᠷᠮ᠎ᠠ ᠪᠠ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠵᠠᠷᠤᠳᠠᠯ ᠢ ᠲᠠᠭᠠᠭᠤᠯᠤᠨ ᠶᠠᠪᠤᠭᠤᠯᠵᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠨᠢ ᠪᠠᠷᠤᠭ 3200 ᠲᠦᠮᠡᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢᠳ ᠲᠤ ᠠᠰᠢᠭ ᠬᠦᠷᠲᠡᠭᠡᠵᠡᠢ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号