ᠣᠨᠴᠠᠭᠠᠶ ᠠᠮᠠᠷᠠᠯᠲᠠ ᠶᠢᠨ ᠬᠤᠭᠤᠴᠠᠭᠠᠨ ᠳᠤ ᠬᠡᠷ ᠪᠦᠯᠢ ᠶᠢᠨ ᠬᠥᠮᠦᠵᠢᠯ ᠢ ᠨᠡᠩ ᠢᠯᠡᠬᠦᠦ ᠴᠢᠬᠤᠯᠠᠲᠠᠢ
ᠨᠡᠶᠢᠲᠡᠯᠡᠭᠰᠡᠨ ᠴᠠᠭ᠄
2020/6/5
     ᠡᠩ ᠲᠡᠷᠢᠭᠦᠨ ᠳᠤ᠂ ᠡᠴᠢᠭᠡ ᠡᠬᠡ ᠪᠣᠯᠤᠭᠰᠠᠳ ᠦᠯᠢᠭᠡᠷ ᠳᠠᠭᠤᠷᠢᠶᠠᠯ ᠪᠣᠯᠬᠤ ᠪᠣᠯ ᠬᠠᠮᠤᠭ ᠤᠨ ᠰᠠᠶᠢᠨ  ᠬᠥᠮᠦᠵᠢᠯ ᠮᠥᠨ᠃ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠨᠢ ᠬᠡᠯᠡᠵᠦ ᠰᠤᠷᠭᠠᠬᠤ ᠠᠴᠠ ᠢᠯᠡᠭᠦᠦ  ᠲᠤᠰᠠᠳᠠᠢ  ᠪᠠᠶᠢᠳᠠᠭ᠂ ᠦᠯᠢᠭᠡᠷ ᠳᠠᠭᠤᠷᠢᠶᠠᠯ ᠎ ᠤᠨ ᠬᠥᠮᠦᠵᠢᠯ ᠪᠣᠯ ᠠᠬᠤᠶᠢᠴᠢ ᠰᠡᠳᠬᠢᠯᠭᠡ ᠎ ᠲᠠᠢ ᠦᠷᠳᠡᠭ  ᠤᠨ ᠦᠵᠡᠯᠲᠡ ᠶᠢᠨ ᠵᠢᠯᠤᠭᠤᠳᠤᠯᠭ᠎ᠠ ᠮᠥᠨ᠃ ᠬᠢᠵᠢᠭ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠮᠠᠰᠢ ᠣᠯᠠᠨ ᠡᠴᠢᠭᠡ ᠡᠭᠡ ᠨᠠᠷ ᠬᠡᠤᠬᠡᠳ ᠤᠳ ᠲᠤ ᠬᠠᠮᠤᠭ ᠰᠠᠶᠢᠨ ᠳᠠᠭᠤᠷᠢᠶᠠᠯ ᠦᠵᠡᠭᠦᠯᠦᠭᠰᠡᠨ ᠶᠤᠮ᠃ ᠣᠯᠠᠩᠬᠢ ᠡᠴᠢᠭᠡ ᠡᠭᠡ ᠨᠡᠷ ᠡᠮᠦᠨ᠎ᠡ ᠹᠷᠣᠨᠲ ᠲᠤ ᠣᠴᠢᠬᠤ ᠲᠣᠬᠢᠶᠠᠯ ᠦᠭᠡᠢ ᠪᠠᠶᠢᠯ᠎ᠠ ᠴᠦ ᠭᠡᠰᠡᠨ ᠲᠡᠳᠡ ᠥᠪᠡᠷ  ᠤᠨ ᠠᠵᠢᠯ ᠤᠨ ᠪᠠᠶᠢᠷᠢ ᠳᠡᠭᠡᠷ᠎ᠡ  ᠪᠠᠨ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ ᠪᠠᠶᠢᠬᠤ ᠪᠤᠶᠤ ᠭᠡᠷ ᠲᠡᠭᠡᠨ ᠰᠠᠭᠤᠵᠤ ᠪᠠᠶᠢᠬᠤ  ᠬᠤᠭᠤᠴᠠᠭᠠᠨ ᠳᠠᠭᠠᠨ ᠵᠠᠰᠠᠭ ᠤᠨ ᠣᠷᠳᠣᠨ ᠤ  ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ ᠪᠠᠶᠢᠨ᠎ᠠ᠂ ᠡᠨᠡ ᠨᠢ ᠴᠥᠮ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠭᠦᠯᠵᠦ ᠪᠠᠶᠢᠭ᠎ᠠ ᠪᠠ ᠬᠡᠦᠬᠡᠳ ᠤᠨ ᠨᠢᠯᠬ᠎ᠠ ᠪᠠᠯᠴᠢᠷ ᠰᠡᠳᠬᠢᠯ ᠳᠤ ᠦᠯᠢᠭᠡᠷ ᠲᠠᠭᠤᠷᠢᠶᠡᠯ ᠤᠨ ᠦᠷ᠎ᠡ ᠲᠠᠷᠢᠵᠦ  ᠪᠠᠶᠢᠭ᠎ᠠ ᠶᠠᠪᠤᠳᠠᠯ ᠪᠤᠯᠤᠨ᠎ᠠ᠃            ᠡᠭᠦᠨ ᠤ ᠬᠠᠮᠲᠤ᠂ ᠬᠡᠦᠬᠡᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠭᠠᠨ  ᠬᠥᠮᠦᠵᠢᠬᠦᠯᠬᠦ ᠶᠢ ᠬᠦᠨᠳᠦᠳᠭᠡᠨ ᠦᠵᠡᠬᠦ ᠬᠡᠷᠡᠭᠲᠡᠢ᠃ ᠦᠢᠯᠡ ᠠᠵᠢᠯᠯᠠᠭᠠᠨ ᠤ ᠳᠠᠳᠬᠠᠯ ᠨᠢ ᠬᠥᠮᠦᠨ ᠤ ᠦᠰᠦᠨ ᠪᠤᠶᠢᠵᠢᠯᠲᠠ ᠳᠤ ᠲᠦᠢᠯ ᠤᠨ ᠴᠢᠬᠤᠯᠠ ᠶᠤᠮ᠂ ᠬᠢᠵᠢᠭ ᠢ ᠰᠡᠷᠭᠡᠶᠢᠯᠡᠨ ᠡᠵᠡᠮᠳᠡᠬᠦ ᠶᠠᠪᠤᠳᠠᠯ ᠨᠢ ᠰᠠᠶᠢᠨ ᠰᠠᠶᠢᠬᠠᠨ ᠳᠠᠳᠬᠠᠯ ᠢ ᠪᠤᠢ  ᠪᠤᠯᠭᠠᠬᠤ ᠳᠤ ᠲᠦᠢᠯ ‍ᠤᠨ‌‍ᠰᠠᠶᠢᠨ ᠨᠥᠬᠦᠴᠡᠯ ᠢ ᠪᠦᠷᠢᠯᠳᠦᠭᠦᠯᠦᠨ ᠥᠭᠴᠡᠶ᠃              ᠡᠭᠦᠨ ᠠᠴᠠ ᠭᠠᠳᠠᠨ᠎ᠠ᠂ ᠬᠡᠦᠬᠡᠳ ᠢ ᠬᠦᠳᠦᠯᠦᠨ ᠵᠢᠯᠤᠭᠤᠳᠴᠦ ᠨᠡᠶᠢᠭᠡᠮ ᠳᠤ ᠠᠩᠬᠠᠷᠤᠯ ᠲᠠᠯᠪᠢᠭᠤᠯᠬᠤ  ᠬᠡᠷᠡᠭᠲᠡᠢ᠃ ᠬᠢᠵᠢᠭ ᠲᠠᠢ ᠲᠡᠮᠡᠴᠡᠬᠦ ᠶᠠᠪᠤᠴᠠ ᠪᠣᠯ ᠤᠯᠤᠰ ᠢᠶᠠᠨ ᠬᠠᠶᠢᠷᠠᠯᠠᠬᠤ᠂  ᠬᠦᠰᠡᠯ  ᠡᠷᠡᠮᠡᠯᠵᠡᠯ᠂  ᠬᠠᠷᠢᠭᠤᠴᠠᠯᠭ᠎ᠠ ᠵᠡᠷᠭᠡ ᠬᠡᠶᠢᠰᠪᠦᠷᠢ ᠤᠬᠠᠭᠳᠠᠬᠤᠨ ᠢ ᠪᠣᠳᠠᠲᠠᠶ  ᠪᠣᠯᠭᠠᠬᠤ  ᠶᠠᠪᠤᠴᠠ  ᠪᠣᠯᠤᠨ᠎ᠠ᠃  ᠵᠥᠪ  ᠴᠢᠭᠯᠡᠯᠳᠦ  ᠳᠡᠮᠵᠢᠯᠭᠡ  ᠪᠠ  ᠵᠢᠯᠣᠭᠤᠳᠤᠯᠭ᠎ᠠ  ᠬᠢᠵᠦ᠂ ᠬᠡᠤᠬᠡᠳ ᠤᠨ ᠠᠵᠢᠭᠯᠠᠬᠤ᠂ ᠰᠡᠳᠬᠢᠬᠦ᠂ ᠪᠡᠶ᠎ᠡ ᠪᠠᠷ ᠢᠶᠠᠨ ᠤᠶᠢᠯᠠᠭᠠᠬᠤ ᠶᠢ ᠵᠣᠷᠢᠭᠵᠢᠭᠤᠯᠪᠠᠯ᠂ ᠬᠢᠴᠢᠶᠡᠯ ᠤᠨ ᠲᠠᠩᠬᠢᠮ ᠪᠠ ᠨᠣᠮ ᠪᠢᠴᠢᠭ ᠠᠴᠠ ᠰᠤᠷᠤᠬᠰᠠᠨ ᠠᠴᠠ ᠬᠤᠯᠠ ᠰᠠᠶᠢᠨ ᠦᠷ᠎ᠡ ᠪᠦᠲᠦᠮᠵᠢ ᠶᠢ ᠤᠯᠬᠤ ᠶᠤᠮ᠃         ᠪᠠᠰᠠ ᠬᠡᠦᠬᠡᠳ ᠢ ᠬᠦᠳᠦᠯᠦᠨ ᠵᠢᠯᠤᠭᠤᠳᠴᠦ ᠰᠦᠪᠡᠭᠴᠢᠯᠡᠨ ᠰᠤᠳᠤᠯᠬᠤ ᠮᠠᠶ᠋ᠢᠭ ᠢᠶᠠᠷ ᠰᠤᠷᠤᠯᠴᠠᠭᠤᠯᠬᠤ  ᠬᠡᠷᠡᠭᠲᠡᠢ ᠃ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠮᠦᠵᠢᠯ  ᠬᠢᠬᠦ ᠶᠢ ᠰᠠᠨᠠᠭᠠᠴᠢᠯᠠᠭ᠎ᠠ  ᠦᠭᠡᠢ  ᠪᠠᠶᠢᠬᠰᠠᠨ ᠎ ᠠᠴᠠ ᠨᠢ ᠰᠠᠨᠠᠭᠠᠴᠢᠯᠠᠭ᠎ᠠ ᠲᠠᠢ ᠪᠤᠯᠭᠠᠨ ᠬᠤᠪᠢᠷᠠᠭᠤᠯᠵᠤ᠂ ᠬᠡᠦᠬᠡᠳ ᠲᠤ ᠰᠠᠶᠢᠨ ᠰᠠᠶᠢᠬᠠᠨ  ᠰᠤᠷᠤᠯᠴᠠᠬᠤ ᠠᠷᠭ᠎ᠠ᠂ ᠵᠢᠱᠢᠶᠡᠯᠡᠪᠡᠯ ᠰᠦᠪᠡᠭᠴᠢᠯᠡᠨ ᠰᠤᠳᠤᠯᠬᠤ ᠮᠠᠶ᠋ᠢᠭ ᠤᠨ ᠰᠤᠷᠤᠯᠴᠠᠬᠤ ᠠᠷᠭ᠎ᠠ ᠶᠢ ᠡᠵᠡᠮᠰᠢᠭᠦᠯᠬᠦ‌ᠣᠨᠴᠠᠭᠠᠶ ᠠᠮᠠᠷᠠᠯᠲᠠ ᠶᠢᠨ ᠬᠤᠭᠤᠴᠠᠭᠠᠨ ᠳᠤ ᠬᠡᠷ ᠪᠦᠯᠢ ᠶᠢᠨ ᠬᠥᠮᠦᠵᠢᠯ ᠢ ᠨᠡᠩ ᠢᠯᠡᠬᠦᠦ ᠴᠢᠬᠤᠯᠠᠲᠠᠢ ᠪᠢᠯᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号