ᠬᠡᠦᠬᠡᠳ ᠲᠡᠭᠡᠨ ᠡᠷᠡᠬᠦᠯ ᠰᠤᠯᠠ ᠢᠳᠡᠭᠡᠨ ᠰᠤᠩᠭᠤᠭᠠᠷᠠᠢ
ᠨᠡᠶᠢᠲᠡᠯᠡᠭᠰᠡᠨ ᠴᠠᠭ᠄
2020/6/8
    ᠬᠡᠦᠬᠡᠳ ᠤᠳ ᠰᠤᠯᠠ ᠢᠳᠡᠭᠡᠨ ᠢᠳᠡᠬᠦ ᠨᠢ ᠲᠠᠮᠵᠢᠭ ᠦᠭᠡᠢ᠂ ᠭᠡᠬᠦ ᠳᠡᠭᠡᠨ ᠡᠷᠡᠭᠦᠯ ᠰᠤᠯᠠ ᠢᠳᠡᠭᠡᠨ ᠰᠤᠩᠭᠤᠬᠤ ᠨᠢ ᠬᠢᠯᠪᠠᠷ ᠶᠠᠪᠤᠳᠠᠯ ᠪᠢᠰᠢ ᠶᠤᠮ᠃     ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠵᠢᠵᠢᠭ ᠲᠡᠯᠭᠡᠭᠦᠷ ᠢᠶᠠᠷ ᠬᠤᠳᠠᠯᠳᠤᠵᠤ ᠪᠠᠶᠢᠭ᠎ᠠ ᠵᠠᠷᠢᠮ ᠢᠳᠡᠭᠡᠨ ᠤ ᠮᠠᠲ᠋ᠧᠷᠢᠶᠠᠯ ᠤᠨ ᠲᠠᠨᠢᠯᠴᠠᠭᠤᠯᠭ᠎ᠠ ᠨᠢ 8 ᠮᠦᠷ ᠤᠷᠳᠤ ᠪᠢᠴᠢᠭᠡᠰᠦᠳᠡᠢ ᠪᠠᠶᠢᠳᠠᠭ᠂ ᠡᠭᠦᠨ ᠳᠤ ᠤᠯᠠᠨ ᠲᠦᠷᠦᠯ ᠤᠨ ᠲᠤᠰᠤ᠂ ᠬᠡᠳᠤ ᠲᠠᠪᠤᠰᠤ ᠠᠭᠤᠯᠤᠭᠰᠠᠨ ᠪᠠᠶᠢᠳᠠᠭ᠃ ᠪᠠᠰᠠ ᠵᠠᠷᠢᠮ ᠢᠳᠡᠭᠡᠨ ᠤ ᠲᠠᠨᠢᠯᠴᠠᠭᠤᠯᠭ᠎ᠠ ᠶᠢ ᠦᠵᠡᠬᠦ ᠳᠤ ᠦᠬᠡᠬᠦ ᠲᠤᠰᠤᠨ ᠤ ᠬᠡᠮᠵᠢᠶ᠎ᠡ ᠪᠤᠶᠤ ᠲᠠᠪᠤᠰᠤᠨ ᠤ ᠬᠡᠮᠵᠢᠶ᠎ᠡ ᠨᠢ ᠪᠦᠷ ᠦᠨᠳᠦᠷ ᠪᠢᠰᠢ᠂ ᠬᠡᠬᠦ ᠳᠡᠭᠡᠨ ᠡᠨᠡ ᠨᠢ ᠦᠷᠭᠦᠯᠵᠢ ᠬᠡᠷᠡᠭᠯᠡᠳᠡᠭ 100 ᠭᠷᠡᠮ ᠪᠦᠷᠢ ᠶᠢᠨ ᠬᠠᠷᠠᠭᠠᠯᠵᠠᠭᠰᠠᠨ ᠠᠭᠤᠯᠤᠭᠳᠠᠴᠠ ᠪᠢᠰᠢ᠂ ᠬᠠᠷᠢᠨ 30 ᠭᠷᠡᠮ ᠪᠦᠷᠢ ᠶᠢᠨ ᠬᠠᠷᠠᠭᠠᠯᠵᠠᠭᠰᠠᠨ ᠠᠭᠤᠯᠤᠭᠳᠠᠴᠠ ᠪᠠᠶᠢᠳᠠᠭ᠂ ᠢᠩᠭᠢᠵᠤ ᠪᠢᠴᠢᠭᠰᠡᠨ ᠢᠶᠠᠷ᠂ ᠬᠡᠷᠡᠭᠯᠡᠭᠴᠢ ᠲᠤᠰᠤ ᠲᠠᠪᠤᠰᠤ ᠪᠠᠭᠠᠳᠠᠢ ᠰᠤᠯᠠ ᠢᠳᠡᠭᠡᠨ ᠬᠡᠵᠤ ᠠᠨᠳᠠᠭᠤᠷᠠᠬᠤ ᠪᠤᠯᠤᠨ᠎ᠠ᠃ ᠦᠨᠡᠨᠳᠡᠭᠡᠨ ᠡᠩ ᠤᠨ ᠪᠠᠷᠢᠮᠵᠢᠶ᠎ᠠ ᠪᠤᠯᠭᠠᠨ ᠰᠤᠯᠢᠭᠰᠠᠨ ᠤ ᠲᠠᠷᠠᠭ᠎ᠠ᠂ ᠬᠠᠮᠢᠶ᠎ᠠ ᠪᠦᠬᠦᠢ ᠲᠤᠭ᠎ᠠ ᠬᠡᠮᠵᠢᠭᠳᠡᠯ ᠨᠢ ᠮᠦᠨ ᠮᠠᠰᠢ ᠦᠨᠳᠦᠷ ᠪᠠᠶᠢᠳᠠᠭ᠃     ᠡᠳᠡᠭᠡᠷ ᠪᠠᠶᠢᠳᠠᠯ ᠳᠤ ᠴᠢᠭᠯᠡᠭᠦᠯᠦᠨ᠂ ᠤᠯᠤᠰ ᠤᠨ ᠬᠤᠯᠢᠰᠢᠨ ᠢᠳᠡᠭᠡᠨ ᠤ ᠭᠦᠢᠯᠭᠡᠭᠡᠨ ᠤ ᠨᠡᠶᠢᠭᠡᠮᠯᠢᠭ ᠠᠴᠠ 5 ᠳ᠋ᠤᠭᠠᠷ ᠰᠠᠷ᠎ᠠ ᠶᠢᠨ 17 ᠤ ᠡᠳᠦᠷ ᠣᠯᠣᠰ ᠤᠨ ᠲᠤᠳᠤᠭᠠᠳᠤ ᠶᠢᠨ ᠠᠩᠬᠠᠨ ᠤ ︽ᠬᠡᠦᠬᠡᠳ ᠤᠨ ᠰᠤᠯᠠ ᠢᠳᠡᠭᠡᠨ ᠤ ᠶᠡᠷᠦᠩᠬᠡᠢ ᠱᠠᠭᠠᠷᠳᠠᠯᠭ᠎ᠠ︾ ᠶᠢ ᠨᠡᠶᠢᠳᠡᠯᠡᠪᠡ᠃ ᠡᠭᠦᠨ ᠳᠤ᠂ ᠲᠦᠭᠦᠭᠡᠢ ᠮᠠᠲ᠋ᠧᠷᠢᠶᠠᠯ᠂ ᠰᠢᠮ᠎ᠡ ᠲᠡᠵᠢᠬᠡᠯ ᠤᠨ ᠪᠦᠷᠢᠯᠳᠦᠭᠦᠨ᠂ ᠪᠤᠬᠢᠷᠳᠥᠯ ᠪᠤᠳᠠᠰ᠂ ᠮᠢᠺᠷᠣᠪ ᠤᠨ ᠬᠡᠮᠵᠢᠶ᠎ᠡ ᠪᠠ ᠢᠳᠡᠭᠡᠨ ᠤ ᠨᠡᠮᠡᠯᠳᠡ ᠡᠳ᠋ ᠵᠡᠷᠭᠡ ᠶᠢᠨ ᠱᠠᠭᠠᠷᠳᠠᠯᠭ᠎ᠠ ᠶᠢ ᠪᠦᠷ ᠨᠠᠷᠢᠨ ᠲᠤᠳᠤᠷᠬᠠᠢ ᠲᠣᠭᠲᠠᠭᠠᠭᠰᠠᠨ ᠪᠠᠶᠢᠨ᠎ᠠ᠃     ᠭᠡᠪᠡᠴᠤ ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ︽  ᠬᠡᠦᠬᠡᠳ ᠤᠨ ᠰᠤᠯᠠ ᠢᠳᠡᠭᠡᠨ ᠤ ᠶᠡᠷᠦᠩᠬᠡᠢ ᠱᠠᠭᠠᠷᠳᠠᠯᠭ᠎ᠠ︾ ᠨᠢ ᠮᠦᠨ ᠴᠢᠨᠠᠷ ᠲᠡᠭᠡᠷ᠎ᠡ ᠪᠠᠨ ᠪᠣᠳᠠᠲᠤ ᠪᠠᠶᠢᠳᠠᠯ ᠢᠶᠠᠨ ᠦᠵᠡᠵᠦ ᠪᠠᠶᠢᠭᠠᠳ ᠰᠣᠩᠭᠤᠨ ᠬᠡᠷᠡᠭᠯᠡᠬᠦ ᠪᠦᠯᠬᠦᠮ  ᠤᠨ ᠪᠠᠷᠢᠮᠵᠢᠶ᠎ᠠ ᠪᠣᠯᠬᠤ ᠠᠴᠠ ᠪᠢᠰᠢ ᠬᠠᠷᠢᠨ ᠠᠯᠪᠠᠳᠠᠯᠭ᠎ᠠ ᠶᠢᠨ ᠴᠢᠨᠠᠷᠳᠠᠢ ᠤᠯᠤᠰ ᠤᠨ ᠪᠠᠷᠢᠮᠵᠢᠶ᠎ᠠ ᠪᠢᠰᠢ ᠶᠤᠮ᠃ ᠡᠶᠢᠮᠤ  ᠠᠴᠠ ᠬᠠᠮᠢᠶᠠᠲᠠᠢ ᠤᠯᠠᠨ ᠲᠤᠭ᠎ᠠ ᠬᠡᠮᠵᠢᠭᠳᠡᠯ ᠢ ᠦᠨᠡᠨᠳᠡᠭᠡᠨ ᠰᠤᠯᠠ ᠢᠳᠡᠭᠡᠨ ᠦᠢᠯᠡᠳᠪᠦᠷᠢᠯᠡᠬᠦ ᠺᠣᠮᠫᠠᠨᠢ ᠦᠪᠡᠷ ᠢᠶᠠᠨ ᠪᠠᠷᠢᠮᠵᠢᠶᠠᠯᠠᠵᠤ ᠪᠠᠶᠢᠨ᠎ᠠ᠃     ᠦᠨᠡᠨᠳᠡᠭᠡᠨ ᠮᠠᠨ ᠤ ᠤᠯᠤᠰ ᠲᠤ ᠬᠡᠦᠬᠡᠳ ᠤᠨ ᠰᠤᠯᠠ ᠢᠳᠡᠭᠡᠨ  ᠭᠡᠬᠦ ᠦᠢᠯᠡᠳᠬᠦᠨ ᠤ ᠲᠦᠷᠦᠯ ᠵᠦᠢᠯ ᠪᠠᠶᠢᠬᠤ ᠦᠭᠡᠢ ᠭᠡᠵᠤ ᠺᠧ ᠰᠢᠨ ᠢᠳᠡᠭᠡᠨ ᠪᠠ ᠰᠢᠮ᠎ᠡ ᠲᠡᠵᠢᠭᠡᠯ ᠤᠨ ᠰᠣᠯᠢᠯᠴᠠᠭᠠᠨ ᠤ ᠲᠦᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠲᠡᠰ ᠤᠨ ᠡᠷᠬᠢᠯᠡᠭᠴᠢ ᠷᠤᠸᠠᠨ ᠭᠤᠸᠠᠩ ᠹᠧᠩ ᠬᠡᠯᠡᠭᠰᠡᠨ ᠪᠠᠶᠢᠨ᠎ᠠ᠂ ᠲᠡᠷᠡ ᠰᠤᠯᠠ ᠢᠳᠡᠭᠡᠨ ᠰᠤᠩᠭᠤᠬᠤ ᠲᠠᠯ᠎ᠠ ᠪᠠᠷ ᠡᠳᠡᠭᠡᠷ ᠰᠠᠨᠠᠭᠤᠯᠭ᠎ᠠ ᠲᠤᠷᠠᠳᠪᠠ᠄     1. ᠬᠤᠭᠤᠯᠠ ᠪᠠᠨ ᠰᠠᠶᠢᠨ ᠢᠳᠡᠭᠰᠡᠨ ᠤ ᠳᠠᠷᠠᠭ᠎ᠠ ᠵᠤᠬᠢᠬᠤ ᠬᠡᠮᠵᠢᠶᠡᠨ ᠤ ᠰᠤᠯᠠ ᠢᠳᠡᠭᠡᠨ ᠢᠳᠡᠵᠤ ᠪᠤᠯᠤᠨ᠎ᠠ᠃ ᠵᠢᠮᠢᠰ᠂ ᠰᠦ ᠶᠢᠨ ᠲᠦᠷᠦᠯ᠂ ᠬᠠᠳᠠᠭᠤ ᠵᠢᠮᠢᠰ ᠢ ᠢᠯᠡᠭᠦᠬᠡᠨ ᠢᠳᠡᠵᠦ᠂ ᠲᠠᠪᠤᠰᠤ᠂ ᠰᠢᠬᠢᠷ᠂ ᠦᠭᠡᠬᠦ ᠲᠤᠰᠤ ᠶᠡᠬᠡᠳᠡᠢ ᠰᠤᠯᠠ ᠢᠳᠡᠭᠡᠨ ᠢ ᠪᠠᠭ᠎ᠠ ᠢᠳᠡᠨ᠎ᠡ᠂ ᠰᠢᠬᠢᠷᠯᠢᠭ ᠤᠮᠳᠠᠭᠠᠨ ᠪᠤᠶᠤ ᠰᠫᠧᠷᠲ ᠲᠠᠢ ᠤᠮᠳᠠᠭᠠᠨ ᠤᠤᠭᠤᠬᠤ ᠦᠭᠡᠢ᠃     2. ᠰᠤᠯᠠ ᠢᠳᠡᠭᠡᠨ ᠢᠳᠡᠬᠦ ᠴᠠᠭ ᠢᠶᠠᠨ ᠲᠤᠬᠢᠷᠠᠭᠤᠯᠤᠨ᠎ᠠ᠄  ᠬᠤᠭᠤᠯᠠᠨ ᠠᠴᠠ 2 ᠴᠠᠭ ᠤᠨ ᠡᠮᠦᠨ᠎ᠡ ᠢᠳᠡᠪᠡᠯ ᠵᠦᠢᠳᠡᠢ᠃ ᠤᠨᠳᠠᠬᠤ ᠠᠴᠠ ᠪᠠᠨ ᠡᠮᠦᠨ᠎ᠡ ᠰᠤᠯᠠ ᠢᠳᠡᠭᠡᠨ ᠢᠳᠡᠬᠦ ᠦᠭᠡᠢ ᠪᠣᠯ ᠰᠠᠶᠢᠨ᠃     3. ᠰᠤᠯᠠ ᠢᠳᠡᠭᠡᠨ ᠢ ᠬᠡᠲᠦᠷᠬᠡᠢ ᠣᠯᠠᠨ ᠢᠳᠡᠬᠦ ᠶᠢ ᠰᠠᠨᠠᠭᠠᠴᠢᠯᠠᠬᠤ ᠦᠭᠡᠢ᠃ ᠰᠤᠯᠠ ᠢᠳᠡᠭᠡᠨ ᠤ ᠬᠠᠩᠭᠠᠭᠰᠠᠨ ᠶᠡᠷᠦᠩᠭᠡᠢ ᠡᠨᠧᠷᠬᠢ ᠶᠢᠨ ᠬᠡᠮᠵᠢᠶ᠎ᠡ ᠶᠢ ᠡᠳᠦᠷ ᠲᠤᠲᠤᠮ ᠤᠨ ᠶᠡᠷᠦᠩᠭᠡᠢ ᠡᠨᠧᠷᠬᠢ ᠶᠢᠨ ᠬᠡᠮᠵᠢᠶᠡᠨ ᠤ 10% ᠠᠴᠠ ᠬᠡᠲᠦᠷᠡᠭᠦᠯᠵᠦ ᠪᠤᠯᠬᠤ ᠦᠭᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠡᠳᠢᠤ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号