ᠬᠢᠵᠢᠭ ᠠᠴᠠ ᠪᠣᠯᠵᠤ ᠰᠤᠷᠤᠭᠴᠢᠳ ᠢ ᠶᠠᠭᠠᠬᠢᠭᠰᠠᠨ ᠴᠦ ᠰᠤᠷᠤᠯᠭ᠎ᠠ ᠠᠯᠳᠠᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2020/7/14
    ᠰᠤᠷᠭᠠᠨ ᠬᠥᠮᠥᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠥᠨᠥᠬᠡᠨ ᠬᠠᠮᠲᠤᠷᠠᠨ ︽ᠰᠤᠷᠤᠯᠭ᠎ᠠ ᠠᠯᠳᠠᠭᠤᠯᠬᠤ ᠦᠭᠡᠢ ᠪᠠᠶᠢᠬᠤ ᠪᠠ ᠰᠤᠷᠤᠯᠭ᠎ᠠ ᠶᠢ ᠪᠠᠲᠤᠯᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠤᠷᠲᠤ ᠬᠤᠭᠤᠴᠠᠭᠠᠨ ᠤ ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠰᠠᠨᠠᠯ ᠤᠳ︾ ᠶᠢ ᠳᠠᠷᠤᠮᠠᠯᠯᠠᠨ ᠲᠠᠷᠬᠠᠭᠠᠵᠤ᠂ ᠪᠡᠶ᠎ᠡ ᠶᠢᠨ ᠡᠷᠡᠭᠦᠯ ᠮᠡᠨᠳᠦ ᠠᠴᠠ ᠪᠣᠯᠵᠤ ᠰᠤᠷᠤᠯᠴᠠᠬᠤ ᠪᠣᠯᠣᠮᠵᠢ ᠦᠭᠡᠢ ᠰᠤᠷᠤᠭᠴᠢ ᠠᠴᠠ ᠪᠤᠰᠤᠳ ᠶᠠᠳᠠᠭᠤ ᠬᠦᠴᠢᠷᠲᠡᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠰᠤᠷᠬᠤ ᠨᠠᠰᠤᠨ ᠤ ᠰᠤᠷᠤᠭᠴᠢ ᠶᠢ ᠶᠠᠭᠠᠬᠢᠭᠰᠠᠨ ᠴᠦ ᠰᠤᠷᠤᠯᠭ᠎ᠠ ᠠᠯᠳᠠᠭᠤᠯᠵᠤ ᠪᠣᠯᠬᠤ ᠦᠭᠡᠢ᠂ 2020 ᠣᠨ ᠤ ᠪᠦᠬᠦ ᠤᠯᠤᠰ ᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠪᠠᠲᠤᠳᠬᠠᠬᠤ ᠨᠣᠷᠮ᠎ᠠ ᠶᠢ 95 % ᠳᠤ ᠬᠦᠷᠭᠡᠬᠦ ᠶᠢ ᠪᠠᠲᠤᠯᠠᠵᠤ᠂ ᠬᠢᠵᠢᠭ ᠠᠴᠠ ᠪᠣᠯᠵᠤ ᠰᠤᠷᠤᠭᠴᠢ ᠶᠢᠨ ᠰᠤᠷᠤᠯᠭ᠎ᠠ ᠠᠯᠳᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃     ᠠᠯᠪᠠᠨ ᠵᠢᠷᠤᠮ ᠤᠨ ᠰᠤᠷᠭᠠᠨ ᠬᠥᠮᠥᠵᠢᠯ ᠢ ᠪᠠᠲᠤᠯᠠᠬᠤ ᠪᠣᠯ ᠰᠤᠷᠭᠠᠨ ᠬᠥᠮᠥᠵᠢᠯ ᠢᠶᠠᠷ ᠶᠠᠳᠠᠭᠤ ᠶᠢ ᠲᠡᠳᠬᠦᠬᠦ ᠵᠠᠩᠭᠢᠯᠠᠭ᠎ᠠ ᠶᠢᠨ ᠠᠵᠢᠯ ᠤᠨ ᠤᠯᠤᠰ ᠲᠥᠷᠥ ᠶᠢᠨ ᠴᠢᠬᠤᠯᠠ ᠡᠭᠦᠷᠭᠡ ᠪᠣᠯᠬᠤ ᠪᠥᠭᠡᠳ ᠮᠥᠨ ᠴᠦ ︽ᠬᠤᠶᠠᠷ ᠵᠦᠢᠯ ᠳᠤ ᠰᠠᠨᠠᠭ᠎ᠠ ᠵᠣᠪᠠᠭ᠋ᠤ ᠦᠭᠡᠢ ᠪᠠᠶᠢᠬᠤ ᠭᠤᠷᠪᠠᠨ ᠵᠦᠢᠯ ᠢ ᠪᠠᠲᠤᠯᠠᠬᠤ︾ ᠨᠠᠭᠠᠲᠤ ᠵᠠᠬ᠎ᠠ ᠶᠢᠨ ᠬᠠᠷᠠᠯᠲᠠ ᠶᠢᠨ ᠨᠢᠭᠡ ᠪᠣᠯᠣᠨ᠎ᠠ᠂ ᠲᠡᠷᠡ ᠨᠢ ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠤᠨ ᠦᠷ᠎ᠡ ᠠᠰᠢᠭ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ ᠪᠠᠶᠢᠭᠤᠯᠬᠤ ᠲᠠᠢ ᠰᠢᠭᠤᠳ ᠬᠤᠯᠪᠣᠭᠳᠠᠵᠤ ᠪᠠᠶᠢᠳᠠᠭ᠃ ᠰᠠᠨᠠᠯ ᠳᠤ᠂ ᠰᠤᠷᠤᠯᠭ᠎ᠠ ᠪᠠᠨ ᠨᠢᠭᠡᠨᠲᠡ ᠰᠡᠷᠭᠦᠭᠡᠭᠰᠡᠨ ᠪᠠ ᠮᠥᠨ ᠯᠡ ᠰᠤᠷᠤᠯᠭ᠎ᠠ ᠠᠯᠳᠠᠵᠤ ᠪᠠᠶᠢᠭ᠎ᠠ ᠰᠤᠷᠤᠭᠴᠢᠳ ᠢ ᠪᠦᠬᠦ ᠲᠠᠯ᠎ᠠ ᠪᠠᠷ ᠪᠠᠶᠢᠴᠠᠭᠠᠨ ᠪᠦᠷᠢᠳᠬᠡᠵᠦ᠂ ᠨᠢᠭᠡ ᠰᠤᠷᠤᠭᠴᠢ ᠳᠤ ᠨᠢᠭᠡ ᠠᠵᠢᠯ ᠤᠨ ᠲᠥᠰᠥᠯ ᠲᠣᠭᠲᠠᠭᠠᠵᠤ᠂ ᠢᠳᠬᠠᠵᠤ ᠪᠠᠶᠢᠭᠠᠳ ᠰᠤᠷᠭᠠᠭᠤᠯᠢ ᠳᠤᠨᠢ ᠪᠤᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠳᠠᠩᠰᠠᠯᠠᠵᠤ ᠺᠠᠷᠲ ᠣᠯᠭᠤᠭᠰᠠᠨ ᠶᠠᠳᠠᠭᠤ ᠬᠦᠴᠢᠷᠲᠡᠢ ᠭᠡᠷ ᠪᠦᠯᠢ ᠶᠢᠨ ᠰᠤᠷᠤᠯᠭ᠎ᠠ ᠪᠠᠨ ᠠᠯᠳᠠᠭᠰᠠᠨ ᠰᠤᠷᠤᠭᠴᠢᠳ ᠤᠨ ᠡᠨᠡ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠳᠤ ᠰᠤᠷᠭᠠᠭᠤᠯᠢ ᠳᠠᠭᠠᠨ ᠪᠤᠴᠠᠬᠤ ᠶᠣᠰᠣᠲᠠᠢ ᠶᠢ ᠨᠢ ᠪᠦᠬᠦᠨ ᠢ ᠰᠤᠷᠭᠠᠭᠤᠯᠢ ᠳᠤᠨᠢ ᠪᠤᠴᠠᠭᠠᠬᠤ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃     ᠰᠤᠷᠤᠯᠭ᠎ᠠ ᠳᠠᠭᠠᠨ ᠬᠦᠴᠢᠷᠳᠡᠭᠰᠡᠨ᠂ ᠭᠠᠳᠠᠭᠰᠢ ᠭᠠᠷᠴᠤ ᠠᠵᠢᠯᠯᠠᠭᠰᠠᠨ᠂ ᠡᠷᠲᠡ ᠬᠤᠷᠢᠮᠯᠠᠵᠤ ᠡᠷᠲᠡ ᠬᠡᠦᠬᠡᠳ  ᠲᠠᠢ ᠪᠣᠯᠣᠭᠰᠠᠨ᠂ ᠱᠠᠰᠢᠨ ᠰᠢᠲᠦᠯᠭᠡ ᠵᠡᠷᠭᠡ ᠠᠴᠠ ᠪᠣᠯᠵᠤ ᠰᠤᠷᠤᠯᠭ᠎ᠠ ᠠᠯᠳᠠᠭᠰᠠᠨ ᠰᠤᠷᠤᠭᠴᠢᠳ ᠤᠨ ᠪᠠᠶᠢᠳᠠᠯ ᠳᠤ ᠴᠢᠭᠯᠡᠭᠦᠯᠦᠨ᠂ ᠲᠤᠰ ᠰᠠᠨᠠᠯ ᠳᠤ ᠠᠵᠢᠯ ᠤᠨ ᠭᠤᠣᠯᠳᠠᠯᠭ᠎ᠠ ᠪᠠᠨ ᠲᠣᠪᠣᠶᠢᠯᠭᠠᠨ᠂ ᠠᠰᠠᠭᠤᠳᠠᠯ ᠢ ᠦᠨᠡᠨ ᠪᠠᠲᠤᠲᠠᠢ ᠰᠢᠢᠳᠪᠦᠷᠢᠯᠡᠬᠦ ᠶᠢ ᠱᠠᠭᠠᠷᠳᠠᠭᠰᠠᠨ ᠪᠠᠶᠢᠨ᠎ᠠ᠃ ᠰᠤᠷᠤᠯᠭ᠎ᠠ ᠳᠠᠭᠠᠨ ᠬᠦᠴᠢᠷᠳᠡᠭᠰᠡᠨ ᠠᠴᠠ ᠪᠣᠯᠵᠤ ᠰᠤᠷᠤᠯᠭ᠎ᠠ ᠠᠯᠳᠠᠭᠰᠠᠨ ᠰᠤᠷᠤᠭᠴᠢᠳ ᠲᠤ ᠴᠢᠭᠯᠡᠭᠦᠯᠦᠨ᠂ ᠰᠤᠷᠤᠯᠭ᠎ᠠ ᠳᠠᠭᠠᠨ ᠠᠨᠠᠢ ᠰᠤᠷᠤᠭᠴᠢᠳ ᠲᠤ ᠲᠤᠰᠠᠯᠠᠬᠤ ᠳᠦᠷᠢᠮ ᠢ ᠲᠣᠭᠲᠠᠭᠠᠵᠤ᠂ ᠬᠠᠨᠳᠤᠯᠭ᠎ᠠ ᠲᠠᠢ ᠪᠠᠷ ᠵᠢᠭᠠᠨ ᠰᠤᠷᠭᠠᠬᠤ ᠲᠥᠯᠥᠪᠯᠡᠭᠡ ᠭᠠᠷᠭᠠᠵᠤ᠂ ᠠᠩᠭᠢ ᠳᠠᠭᠠᠭᠤᠯᠤᠨ ᠰᠤᠷᠤᠯᠴᠠᠭᠤᠯᠬᠤ᠂ ᠲᠤᠰᠠᠭᠠᠷ ᠨᠢ ᠠᠩᠭᠢ ᠪᠣᠯᠭᠠᠬᠤ᠂ ᠨᠡᠶᠢᠳᠡᠮ ᠳᠤᠨᠢ ᠬᠠᠷᠠᠭᠠᠯᠵᠠᠬᠤ ᠪᠠ ᠲᠤᠰᠬᠠᠶᠢᠯᠠᠨ ᠵᠢᠭᠠᠨ ᠵᠢᠯᠣᠭᠤᠳᠬᠤ ᠶᠢ ᠠᠭᠤᠰᠤᠯᠴᠠᠭᠤᠯᠬᠤ ᠵᠡᠷᠭᠡ ᠣᠯᠠᠨ ᠠᠷᠭ᠎ᠠ ᠬᠡᠯᠪᠡᠷᠢ ᠪᠠᠷ ᠰᠤᠷᠭᠠᠨ ᠬᠥᠮᠥᠵᠢᠯ ᠳᠤ ᠰᠠᠶᠢᠨ ᠲᠣᠬᠢᠷᠠᠭᠤᠯᠤᠯᠲᠠ ᠬᠢᠬᠦ ᠬᠡᠷᠡᠭᠲᠡᠢ︔ ᠭᠠᠳᠠᠭᠰᠢ ᠭᠠᠷᠴᠤ ᠠᠵᠢᠯᠯᠠᠭᠰᠠᠨ ᠠᠴᠠ ᠪᠣᠯᠵᠤ ᠰᠤᠷᠤᠯᠭ᠎ᠠ ᠠᠯᠳᠠᠭᠰᠠᠨ ᠰᠤᠷᠤᠭᠴᠢᠳ ᠢ ᠬᠠᠮᠢᠶᠠᠲᠠᠢ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠵᠤ ᠪᠠᠶᠢᠭᠠᠳ ᠰᠤᠷᠭᠠᠭᠤᠯᠢ ᠳᠤᠨᠢ ᠢᠳᠬᠠᠨ ᠪᠤᠴᠠᠭᠠᠬᠤ ᠲᠣᠭᠲᠠᠴᠠ ᠪᠠᠶᠢᠭᠤᠯᠵᠤ᠂ ᠴᠢᠮᠡᠭᠡ ᠵᠠᠩᠭᠢ ᠶᠢ ᠨᠢ ᠲᠡᠷᠡ ᠳᠠᠷᠤᠢ ᠳᠤᠨᠢ ᠬᠠᠷᠢᠯᠴᠠᠨ ᠮᠡᠳᠡᠭᠳᠡᠵᠦ᠂ ᠬᠠᠤᠯᠢ ᠪᠤᠰᠤ ᠪᠠᠷ ᠬᠡᠦᠬᠡᠳ ᠠᠵᠢᠯᠴᠢᠨ ᠡᠯᠰᠡᠨ ᠠᠵᠢᠯᠯᠠᠭᠤᠯᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠡᠷᠲᠡ ᠬᠤᠷᠢᠮᠯᠠᠵᠤ ᠡᠷᠲᠡ ᠬᠡᠦᠬᠡᠳ ᠲᠠᠢ ᠪᠣᠯᠣᠭᠰᠠᠨ ᠠᠴᠠ ᠪᠣᠯᠵᠤ ᠰᠤᠷᠤᠯᠭ᠎ᠠ ᠠᠯᠳᠠᠬᠤ ᠰᠤᠷᠤᠭᠴᠢᠳ ᠢ ᠴᠢᠩᠭ᠎ᠠ ᠬᠤᠷᠢᠭᠯᠠᠨ ᠵᠣᠭᠰᠣᠭᠠᠬᠤ᠂ ᠬᠠᠤᠯᠢ ᠳᠦᠷᠢᠮ ᠤᠨ ᠳᠠᠭᠠᠤ ᠰᠢᠢᠳᠬᠡᠬᠦ ᠰᠠᠭᠤᠷᠢᠨ ᠳᠡᠭᠡᠷ᠎ᠡ ᠡᠶᠢᠮᠦᠷᠬᠦ ᠰᠤᠷᠠᠬᠤ ᠨᠠᠰᠤᠨ ᠤ ᠰᠤᠷᠤᠭᠴᠢᠳ ᠪᠠᠭᠠᠴᠤᠳ ᠢ ᠢᠳᠬᠠᠵᠤ ᠰᠤᠷᠭᠠᠭᠤᠯᠢ ᠳᠤᠨᠢ ᠪᠤᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠲᠤᠰᠬᠠᠶᠢᠯᠠᠨ ᠬᠠᠯᠠᠮᠵᠢᠯᠠᠨ ᠬᠠᠷᠠᠭᠠᠯᠵᠠᠬᠤ ᠬᠡᠷᠡᠭᠲᠡᠢ︔ ᠱᠠᠰᠢᠨ ᠰᠢᠲᠦᠯᠭᠡ ᠠᠴᠠ ᠪᠣᠯᠵᠤ ᠰᠤᠷᠤᠯᠭ᠎ᠠ ᠠᠯᠳᠠᠭᠰᠠᠨ ᠰᠤᠷᠤᠭᠴᠢᠳ ᠲᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠠᠮᠢᠶᠠᠲᠠᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠢ ᠠᠰᠢᠭᠯᠠᠨ ᠤᠯᠤᠰ ᠤᠨ ᠰᠤᠷᠭᠠᠨ ᠬᠥᠮᠥᠵᠢᠯ ᠤᠨ ᠳᠦᠷᠢᠮ ᠢ ᠬᠡᠷᠡᠭᠵᠢᠭᠦᠯᠬᠦ ᠶᠢ ᠬᠠᠷᠰᠢᠯᠠᠬᠤ ᠶᠢ ᠴᠢᠩᠭ᠎ᠠ ᠬᠤᠷᠢᠭᠯᠠᠨ ᠵᠣᠭᠰᠣᠭᠠᠵᠤ᠂ ᠬᠠᠮᠢᠶᠠᠲᠠᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠡᠳᠡᠭᠡᠷ ᠰᠤᠷᠤᠭᠴᠢᠳ ᠢ ᠬᠠᠤᠯᠢ ᠳᠦᠷᠢᠮ ᠤᠨ ᠲᠣᠭᠲᠠᠭᠠᠯ ᠶᠣᠰᠣᠭᠠᠷ ᠰᠤᠷᠭᠠᠭᠤᠯᠢ ᠳᠤᠨᠢ ᠪᠤᠴᠠᠭᠠᠵᠤ ᠰᠤᠷᠤᠯᠭ᠎ᠠ ᠶᠢ ᠨᠢ ᠡᠬᠢᠯᠡᠭᠦᠯᠬᠦ ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃        
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号