ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/7/16
    ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽2020  ᠣᠨ ᠤ  ᠵᠠᠰᠠᠭ ᠤᠨ  ᠶᠠᠪᠤᠳᠠᠯ ᠢ ᠢᠯᠡ  ᠪᠣᠯᠭᠠᠬᠤ  ᠠᠵᠢᠯ ᠤᠨ  ᠭᠤᠣᠯᠳᠠᠯᠭ᠎ᠠ︾  ︵ᠳᠣᠷᠣᠭᠰᠢ  ︽ᠭᠤᠣᠯᠳᠠᠯᠭ᠎ᠠ︾  ᠭᠡᠵᠦ  ᠲᠣᠪᠴᠢᠯᠠᠨ᠎ᠠ︶ ᠶᠢ   ᠳᠠᠷᠤᠮᠠᠯᠯᠠᠨ ᠲᠠᠷᠬᠠᠭᠠᠵᠤ᠂  ᠪᠦᠬᠦ  ᠤᠯᠤᠰ ᠤᠨ  ᠵᠠᠰᠠᠭ ᠤᠨ  ᠶᠠᠪᠤᠳᠠᠯ ᠢ  ᠢᠯᠡ   ᠪᠣᠯᠭᠠᠬᠤ  ᠣᠨ ᠤ  ᠭᠤᠤᠯᠳᠠᠯᠭ᠎ᠠ ᠲᠠᠢ  ᠠᠵᠢᠯ ᠢ ᠪᠠᠶᠢᠷᠢᠯᠠᠭᠤᠯᠪᠠ᠃             ︽ᠭᠤᠣᠯᠳᠠᠯᠭ᠎ᠠ︾ ᠳᠤ᠂ ᠡᠨᠡ ᠵᠢᠯ ᠤᠨ ᠵᠠᠰᠠᠭ ᠤᠨ  ᠶᠠᠪᠤᠳᠠᠯ ᠢ  ᠢᠯᠡ  ᠪᠣᠯᠭᠠᠬᠤ  ᠠᠵᠢᠯ ᠢ  ᠰᠠᠶᠢᠲᠤᠷ  ᠬᠢᠬᠦ ᠳᠤ ᠰᠢ ᠶᠢᠨ ᠫᠢᠩ ᠤᠨ  ᠰᠢᠨ᠎ᠡ  ᠴᠠᠭ  ᠦᠶ᠎ᠡ ᠶᠢᠨ  ᠳᠤᠮᠳᠠᠳᠤ  ᠤᠯᠤᠰ ᠤᠨ  ᠣᠨᠴᠠᠯᠢᠭ ᠲᠠᠢ  ᠨᠡᠶᠢᠭᠡᠮ  ᠵᠢᠷᠤᠮ ᠤᠨ  ᠦᠵᠡᠯ ᠰᠠᠨᠠᠭ᠎ᠠ ᠪᠠᠷ  ᠵᠢᠯᠣᠭᠤᠳᠣᠯᠭ᠎ᠠ  ᠪᠣᠯᠭᠠᠵᠤ᠂  ᠨᠠᠮ ᠤᠨ  ᠠᠷᠪᠠ  ᠶᠢᠰᠦᠳᠦᠭᠡᠷ  ᠶᠡᠭᠡ  ᠬᠤᠷᠠᠯ  ᠪᠣᠯᠤᠨ  ᠠᠷᠪᠠ   ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠪᠥᠬᠦ  ᠲᠠᠯ᠎ᠠ ᠪᠠᠷ  ᠲᠤᠤᠱᠯᠠᠭᠤᠯᠵᠤ᠂  ᠠᠷᠠᠳ  ᠲᠦᠮᠡᠨ ᠢᠶᠠᠷ  ᠭᠤᠣᠯ  ᠪᠣᠯᠭᠠᠬᠤ  ᠬᠥᠭᠵᠢᠯᠲᠡ ᠶᠢᠨ  ᠦᠵᠡᠯ   ᠰᠠᠨᠠᠭ᠎ᠠ ᠶᠢ ᠪᠠᠷᠢᠮᠲᠠᠯᠠᠵᠤ᠂ ᠵᠠᠰᠠᠭ ᠤᠨ  ᠶᠠᠪᠤᠳᠠᠯ ᠢ  ᠢᠯᠡ  ᠪᠣᠯᠭᠠᠬᠤ  ᠠᠵᠢᠯ ᠤᠨ  ᠲᠤᠬᠠᠶ  ᠨᠠᠮ ᠤᠨ  ᠲᠥᠪ  ᠬᠤᠷᠢᠶ᠎ᠠ᠂  ᠲᠥᠷᠥ ᠵᠢᠨ‌‍ᠶᠠᠪᠤᠳᠠᠯ ᠤᠨ ᠬᠤᠷᠢᠶᠠᠨ ᠤ ᠰᠢᠢᠳᠪᠦᠷᠢᠲᠦ  ᠪᠣᠳᠣᠯᠭ᠎ᠠ  ᠪᠠᠶᠢᠷᠢᠯᠠᠭᠤᠯᠤᠯᠲᠠ ᠶᠢ  ᠬᠢᠨᠠᠮᠠᠭᠠᠶ  ᠨᠠᠶᠢᠳᠠᠪᠤᠷᠢᠵᠢᠭᠤᠯᠵᠤ᠂  ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ  ᠨᠠᠶᠢᠷᠠᠮᠳᠠᠬᠤ  ᠳᠤᠮᠳᠠᠳᠤ  ᠠᠷᠠᠳ  ᠤᠯᠤᠰ ᠤᠨ  ᠵᠠᠰᠠᠭ ᠤᠨ  ᠣᠷᠳᠣᠨ ᠤ  ᠮᠡᠳᠡᠭᠡ ᠵᠠᠩᠭᠢ ᠶᠢ ᠢᠯᠡ  ᠪᠣᠯᠭᠠᠬᠤ  ᠳᠦᠷᠢᠮ︾ ᠢ  ᠣᠨᠣᠪᠴᠢᠲᠠᠶ  ᠬᠡᠷᠡᠭᠵᠢᠭᠦᠯᠵᠦ᠂  ᠨᠠᠩ  ᠴᠢᠨᠠᠷ  ᠰᠠᠶᠢᠲᠠᠶ  ᠢᠯᠡ  ᠪᠣᠯᠭᠠᠬᠤ ᠪᠠᠷ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ  ᠴᠢᠳᠠᠪᠤᠷᠢ ᠶᠢᠨ  ᠣᠳᠣᠬᠢᠴᠢᠯᠠᠯᠲᠠ ᠶᠢ  ᠠᠬᠢᠭᠤᠯᠬᠤ ᠳᠤ  ᠬᠦᠴᠦᠨ ᠨᠡᠮᠡᠷᠢᠯᠡᠵᠦ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ ᠪᠠ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ  ᠬᠠᠮᠢᠶᠠᠷᠬᠤ  ᠦᠢᠯᠡᠴᠢᠯᠡᠬᠦ︾  ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠴᠠ ᠭᠠᠷᠳᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ  ᠰᠢᠯᠢᠳᠡᠭᠵᠢᠭᠦᠯᠵᠦ᠂  ᠢᠯᠡ  ᠪᠤᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠢᠷᠤᠮᠵᠢᠭᠤᠯᠤᠯᠳᠠ ᠶᠢ ᠠᠬᠢᠭᠤᠯᠤᠨ᠂ ᠦᠢᠯᠡᠴᠢᠯᠡᠭᠡ ᠶᠢ ᠠᠬᠢᠭᠤᠯᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ  ᠪᠡᠶᠡᠯᠡᠭᠦᠯᠬᠦ ᠳᠤ  ᠬᠦᠴᠦᠲᠡᠶ  ᠲᠤᠯᠭᠠᠭᠤᠷᠢᠯᠠᠯ  ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号