ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠦᠭᠰᠡᠨ ᠰᠣᠷᠣᠭᠴᠢ ᠰᠢᠯᠭᠠᠯᠲᠠ ᠬᠡᠯᠲᠦᠷᠢᠭᠦᠯᠦᠨ ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠶᠢ ᠭᠤᠶᠤᠴᠢᠯᠠᠵᠤ ᠪᠣᠯᠣᠨ᠎ᠠ
ᠨᠡᠶᠢᠲᠡᠯᠡᠭᠰᠡᠨ ᠴᠠᠭ᠄
2020/7/17
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ  ᠰᠤᠷᠤᠭᠴᠢᠳ ᠤᠨ  ᠠᠵᠢᠯ  ᠣᠯᠭᠤᠯᠲᠠ ᠶᠢᠨ  ᠪᠠᠶᠢᠳᠠᠯ  ᠪᠤᠳᠤᠯᠢᠶᠠᠨᠲᠠᠶ  ᠪᠠᠶᠢᠨ᠎ᠠ᠃  ᠭᠡᠪᠡᠴᠦ ᠤᠯᠤᠰ ᠤᠨ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ  ᠵᠥᠪᠯᠡᠯ ᠤᠨ  ᠳᠠᠷᠤᠮᠠᠯᠯᠠᠨ ᠲᠠᠷᠬᠠᠭᠠᠭᠰᠠᠨ ︽ᠠᠨᠠᠭᠠᠬᠤ  ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ  ᠲᠡᠭᠦᠰᠦᠭᠰᠡᠳ ᠢ  ᠰᠢᠯᠭᠠᠯᠲᠠ  ᠬᠡᠯᠲᠦᠷᠢᠭᠦᠯᠦᠨ  ᠬᠦᠳᠡᠭᠡ ᠲᠣᠰᠬᠤᠨ ᠤ ᠡᠮᠴᠢ ᠶᠢᠨ ᠠᠵᠢᠯ ᠡᠷᠭᠢᠯᠡᠬᠦ ᠳᠠᠩᠰᠠᠯᠠᠯ ᠭᠤᠶᠤᠴᠢᠯᠠᠬᠤ ᠶᠢ ᠵᠥᠪᠰᠢᠶᠡᠷᠡᠬᠦ  ᠲᠤᠬᠠᠶ  ᠰᠠᠨᠠᠯ︾  ︵ᠳᠣᠷᠣᠭᠰᠢ  ︽ᠰᠠᠨᠠᠯ︾  ᠭᠡᠵᠦ ᠲᠣᠪᠴᠢᠯᠠᠨ᠎ᠠ︶᠎ ᠨᠢ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠥᠷᠥ ᠶᠢᠨ ᠪᠣᠳᠣᠯᠭ᠎ᠠ ᠶᠢᠨ ᠲᠣᠮᠣ ᠪᠡᠯᠡᠭ ᠬᠦᠷᠭᠡᠵᠡᠶ᠃           ᠲᠠᠨᠢᠯᠴᠠᠭᠤᠯᠤᠭᠰᠠᠨ ᠢᠶᠠᠷ᠂  ᠣᠳᠣᠬᠠᠨ ᠳᠤ᠂  ᠾᠧᠪᠸᠢ  ᠮᠤᠵᠢ᠂  ᠱᠠᠨ  ᠰᠢ  ᠮᠤᠵᠢ᠂  ᠥᠪᠥᠷ   ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠯᠢᠶᠣᠤᠨᠢᠩ ᠮᠤᠵᠢ᠂ ᠱᠠᠨᠳᠦ᠋ᠩ ᠮᠤᠵᠢ᠂ ᠬᠤᠪᠸᠢ ᠮᠤᠵᠢ᠂  ᠬᠤᠨᠠᠨ  ᠮᠤᠵᠢ᠂  ᠭᠤᠸᠠᠩᠳᠦ᠋ᠩ ᠮᠤᠵᠢ᠂ ᠬᠠᠶᠢᠨᠠᠨ ᠮᠤᠵᠢ᠂ ᠰᠧᠴᠤᠸᠠᠨ ᠮᠤᠵᠢ᠂ ᠭᠦᠢᠵᠧᠦ  ᠮᠤᠵᠢ᠂  ᠶᠦᠨᠨᠠᠨ  ᠮᠤᠵᠢ ᠂  ᠱᠠᠨᠰᠢ  ᠮᠤᠵᠢ᠂  ᠭᠠᠨᠰᠦ  ᠮᠤᠵᠢ᠂ ᠬᠥᠬᠡᠨᠠᠭᠤᠷ ᠮᠤᠵᠢ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠵᠡᠷᠭᠡ 16  ᠮᠤᠵᠢ  ᠣᠷᠣᠨ  ︽ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢᠨ ᠲᠦᠷᠢᠮ︾᠎ ᠤᠨ ᠲᠣᠭᠲᠠᠭᠠᠯ ᠪᠠ ᠲᠣᠰ  ᠪᠡᠶ᠎ᠡ ᠶᠢᠨ  ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠠᠵᠢᠯ  ᠡᠷᠬᠢᠯᠡᠬᠦ  ︵ᠲᠤᠰᠠᠯᠠᠭᠴᠢ︶  ᠡᠮᠴᠢ ᠶᠢᠨ  ᠬᠢᠷᠢ  ᠬᠡᠮ  ᠥᠬᠡᠶ  ᠪᠠᠶᠢᠵᠤ  ᠪᠣᠯᠬᠤ ᠶᠢ ᠵᠥᠪᠰᠢᠶᠡᠷᠡᠪᠡ᠃ ᠭᠡᠪᠡᠴᠦ ᠠᠨᠠᠭᠠᠬᠤ ᠤᠬᠠᠭᠠᠨ ᠤ  ᠲᠤᠰᠬᠠᠶ  ᠮᠡᠷᠭᠡᠵᠢᠯ ᠤᠨ  ᠲᠣᠭᠲᠠᠭᠠᠭᠰᠠᠨ  ᠰᠤᠷᠤᠯᠭ᠎ᠠ ᠶᠢᠨ  ᠨᠠᠮᠲᠠᠷ ᠲᠠᠢ ᠬᠥᠮᠦᠰ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠥᠳᠡᠭᠡ ᠲᠣᠰᠬᠤᠨ ᠤ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠬᠥᠳᠡᠭᠡ ᠲᠣᠰᠬᠤᠨ ᠤ ᠡᠮᠴᠢ ᠶᠢᠨ ᠠᠵᠢᠯ ᠮᠡᠷᠭᠡᠵᠢᠯ ᠤᠨ ᠬᠢᠷᠢ ᠬᠡᠮ ᠢ ᠳᠠᠩᠰᠠᠯᠠᠭᠤᠯᠵᠤ ᠪᠣᠯᠳᠠᠭ᠃           ︽ᠰᠠᠨᠠᠯ︾᠎ ᠳᠤ ᠳᠡᠭᠡᠷ᠎ᠡ ᠳᠤᠷᠠᠳᠤᠭᠰᠠᠨ ᠮᠤᠵᠢ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ  ᠶᠡᠭᠡ  ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ  ᠲᠣᠰᠬᠤᠨ ᠤ  ᠡᠮᠴᠢ ᠶᠢᠨ ᠠᠵᠢᠯ ᠡᠷᠭᠢᠯᠡᠬᠦ ᠳᠠᠩᠰᠠᠯᠠᠯ ᠢ ᠭᠤᠶᠤᠴᠢᠯᠠᠬᠤ ᠲᠠᠰ ᠳᠠᠷᠠᠭᠠᠯᠠᠯ ᠳᠤ ᠲᠣᠬᠢᠷᠠᠭᠤᠯᠤᠯᠲᠠ ᠬᠢᠪᠠ᠃ ᠠᠵᠢᠯ ᠡᠷᠬᠢᠯᠡᠬᠦ ︵ᠲᠤᠰᠠᠯᠠᠭᠴᠢ︶  ᠡᠮᠴᠢ ᠶᠢᠨ  ᠬᠢᠷᠢ  ᠬᠡᠮ ᠢ  ᠪᠦᠷᠢᠯᠳᠦᠭᠦᠯᠦᠭᠰᠡᠨ ᠦᠭᠡᠢ ᠬᠦᠮᠦᠨ ᠤ ᠬᠥᠳᠡᠭᠡ ᠲᠤᠰᠬᠤᠨ ᠤ ᠡᠮᠴᠢ ᠶᠢᠨ ᠠᠵᠢᠯ ᠡᠷᠬᠢᠯᠡᠬᠦ ᠳᠠᠩᠰᠠᠯᠠᠯ ᠭᠤᠶᠤᠴᠢᠯᠠᠬᠤ ᠢ  ᠵᠥᠪᠰᠢᠶᠡᠷᠡᠭᠰᠡᠨ  ᠭᠠᠵᠠᠷ ᠣᠷᠣᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠳᠤ ᠪᠠᠨ ᠵᠠᠰᠠᠪᠤᠷᠢ ᠣᠷᠤᠭᠤᠯᠵᠤ᠂ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠡᠮᠴᠢᠯᠡᠭᠡᠨ ᠤ ᠠᠨᠠᠭᠠᠬᠤ ᠤᠬᠠᠭᠠᠨ᠂ ᠬᠢᠲᠠᠳ ᠠᠨᠠᠭᠠᠬᠤ ᠤᠬᠠᠭᠠᠨ ᠤ ᠲᠥᠷᠥᠯ ︵ᠬᠢᠲᠠᠳ  ᠧᠦ᠋ᠷᠣᠫᠠ  ᠡᠮᠨᠡᠯᠭᠡ  ᠎ ᠶᠢ  ᠤᠶᠠᠯᠳᠤᠭᠤᠯᠤᠭᠰᠠᠨ  ᠲᠥᠷᠥᠯ  ᠪᠠᠭᠲᠠᠨ᠎ᠠ᠂ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠤᠨ ᠲᠣᠭᠲᠠᠭᠠᠯ ᠳᠤ ᠨᠡᠶᠢᠴᠡᠭᠰᠡᠨ ᠬᠢᠲᠠᠳ ᠡᠮᠨᠡᠯᠭᠡ ᠶᠢᠨ ᠲᠥᠷᠥᠯ ᠢᠯᠭᠠᠯ ᠤᠨ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠨ ᠲᠤᠰᠬᠠᠶ ᠮᠡᠷᠭᠡᠵᠢᠯ ᠢ ᠵᠢᠭᠠᠵᠤ ᠪᠣᠶ︶ ᠵᠡᠷᠭᠡ ᠬᠠᠮᠢᠶ᠎ᠠ  ᠪᠥᠬᠦᠶ ᠲᠤᠰᠬᠠᠶ ᠮᠡᠷᠭᠡᠵᠢᠯ ᠤᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ︵ᠠᠵᠢᠯ ᠰᠣᠩᠭᠤᠬᠤ ᠬᠤᠭᠤᠴᠠᠭᠠᠨ ᠳᠤ ᠪᠠᠨ ᠣᠷᠣᠰᠢᠵᠤ᠂ ᠠᠵᠢᠯᠯᠠᠬᠤ ᠨᠢᠭᠡᠴᠡ ᠪᠠᠨ ᠬᠠᠷᠠᠬᠠᠨ  ᠨᠠᠶᠢᠳᠠᠪᠤᠷᠢᠵᠢᠭᠤᠯᠤᠭᠠᠳᠤᠶ ᠲᠡᠭᠦᠰᠬᠦ ᠰᠣᠷᠣᠭᠴᠢ ᠪᠠᠭᠲᠠᠨ᠎ᠠ︶᠎ ᠶᠢᠨ ᠰᠢᠯᠭᠠᠯᠲᠠ ᠬᠡᠯᠲᠦᠷᠢᠭᠦᠯᠦᠨ ᠲᠣᠰᠬᠤᠨ ᠤ ᠡᠮᠴᠢ ᠶᠢᠨ ᠠᠵᠢᠯ ᠡᠷᠭᠢᠯᠡᠬᠦ  ᠳᠠᠩᠰᠠᠯᠠᠯ  ᠭᠤᠶᠤᠴᠢᠯᠠᠬᠤ ᠶᠢ  ᠵᠥᠪᠰᠢᠶᠡᠷᠡᠨ᠎ᠡ᠃  ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠬᠥᠳᠡᠭᠡ ᠲᠣᠰᠬᠤᠨ ᠤ ᠡᠮᠴᠢ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠢᠭᠡᠲᠦᠯᠲᠡᠢ ᠲᠥᠯᠥᠪᠯᠡᠬᠦ  ᠪᠠ  ᠨᠡᠶᠢᠲᠡᠯᠡᠵᠦ᠂ ︽ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠤ ᠡᠮᠴᠢ ᠶᠢ ᠳᠠᠩᠰᠠᠯᠠᠭᠤᠯᠬᠤ ᠭᠠᠷᠳᠠᠮ ᠢ ᠭᠦᠢᠴᠡᠳᠬᠡᠬᠦ  ᠬᠡᠷᠡᠭᠲᠡᠶ  ᠭᠡᠵᠦ ᠱᠠᠭᠠᠷᠳᠠᠵᠠᠢ᠃           ︽ᠰᠠᠨᠠᠯ︾᠎ ᠳᠤ᠂  ᠦᠢᠯᠡᠴᠢᠯᠡᠭᠡᠨ ᠤ  ᠶᠠᠰᠤ  ᠴᠢᠨᠠᠷ ᠢ  ᠳᠡᠭᠡᠭᠰᠢᠯᠡᠭᠦᠯᠵᠦ᠂ ᠠᠵᠢᠯ  ᠡᠷᠬᠢᠯᠡᠬᠦ  ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠰᠢᠯᠭᠠᠯᠲᠠ ᠬᠡᠯᠲᠦᠷᠢᠭᠦᠯᠦᠨ ᠳᠠᠩᠰᠠᠯᠠᠭᠤᠯᠤᠭᠰᠠᠨ ᠶᠡᠭᠡ ᠳᠡᠭᠡᠳᠦ  ᠰᠤᠷᠭᠠᠭᠤᠯᠢ ᠲᠡᠭᠦᠰᠦᠭᠰᠡᠳ ᠢ ᠠᠵᠢᠯ ᠤᠨ ᠪᠠᠶᠢᠷᠢ ᠳᠤ ᠭᠠᠷᠬᠤ ᠠᠴᠠ  ᠡᠮᠦᠨ᠎ᠡ᠂  ᠰᠢᠶᠠᠨ ᠤ  ᠱᠠᠲᠤᠨ ᠤ  ᠡᠷᠡᠭᠦᠯ  ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠲᠡᠭᠦᠨ ᠢ ᠬᠠᠪᠰᠤᠷᠤᠨ ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠳᠦᠷᠢᠮ ᠪᠠ ᠣᠨᠴᠠᠯᠢᠭ ᠢ ᠨᠢ ᠣᠶᠢᠯᠠᠭᠤᠯᠵᠤ ᠡᠵᠡᠮᠰᠢᠭᠦᠯᠦᠨ᠎ᠡ᠃ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ᠂  ᠡᠳᠦᠷ  ᠲᠤᠲᠤᠮ ᠤᠨ  ᠠᠵᠢᠯ  ᠡᠷᠬᠢᠯᠡᠬᠦ ᠠᠵᠢᠯᠯᠠᠭ᠎ᠠ ᠶᠢ ᠦᠷᠭᠦᠯᠵᠢᠯᠡᠨ ᠵᠢᠯᠣᠭᠤᠳᠤᠨ ᠬᠢᠨᠠᠯᠲᠠ ᠲᠠᠯᠪᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠶᠢ ᠥᠷᠨᠢᠭᠦᠯᠬᠦ ᠶᠢᠨ ᠬᠠᠮᠲᠤ ᠪᠣᠯᠪᠠᠰᠤᠷᠠᠭᠤᠯᠤᠯ ᠬᠢᠬᠦ᠂ ᠳᠠᠪᠲᠠᠨ  ᠪᠣᠯᠪᠠᠰᠤᠷᠠᠭᠤᠯᠬᠤ  ᠵᠡᠷᠭᠡ  ᠠᠷᠭ᠎ᠠ  ᠮᠠᠶ᠋ᠢᠭ ᠢᠶᠠᠷ ᠳᠠᠮᠵᠢᠭᠤᠯᠤᠨ ᠠᠨᠠᠭᠠᠬᠤ ᠤᠬᠠᠭᠠᠨ ᠤ ᠶᠡᠷᠦᠩᠬᠡᠶᠢᠯᠡᠭᠰᠡᠨ ᠴᠢᠳᠠᠪᠤᠷᠢ ᠪᠠ ᠦᠢᠯᠡᠳᠦᠯᠭᠡ ᠶᠢᠨ ᠮᠡᠷᠭᠡᠵᠢᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠥᠬᠦᠴᠡᠯ ᠳᠤ ᠨᠡᠶᠢᠴᠡᠬᠦ  ᠬᠥᠳᠡᠭᠡ  ᠲᠣᠰᠬᠤᠨ ᠤ  ᠡᠮᠴᠢ ᠶᠢᠨ  ᠠᠵᠢᠯ  ᠡᠷᠭᠢᠯᠡᠬᠦ ︵ᠲᠤᠰᠠᠯᠠᠭᠴᠢ︶ ᠡᠮᠴᠢ ᠶᠢᠨ ᠬᠢᠷᠢ ᠬᠡᠮ ᠢ ᠰᠢᠯᠭᠠᠨ ᠠᠪᠬᠤ ᠶᠢ  ᠵᠣᠷᠢᠭᠵᠢᠭᠤᠯᠤᠨ  ᠳᠡᠮᠵᠢᠨ᠎ᠡ  ᠭᠡᠵᠦ  ᠲᠣᠳᠣᠷᠬᠠᠢ  ᠳᠤᠷᠠᠳᠤᠨ ᠭᠠᠷᠭᠠᠵᠠᠢ᠃           ︽ᠰᠠᠨᠠᠯ︾᠎ ᠳᠤ ᠴᠢᠬᠤᠯᠠᠴᠢᠯᠠᠭᠰᠠᠨ ᠨᠢ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ  ᠰᠤᠷᠭᠠᠭᠤᠯᠢ ᠲᠡᠭᠦᠰᠦᠭᠰᠡᠨ ᠰᠤᠷᠤᠭᠴᠢᠳ ᠢ ᠬᠥᠳᠡᠭᠡ ᠲᠤᠰᠬᠤᠨ ᠤ  ᠡᠮᠴᠢ ᠶᠢᠨ  ᠡᠩᠨᠡᠭᠡ ᠳᠤ  ᠨᠡᠩ  ᠰᠠᠶᠢᠨ  ᠲᠡᠳᠡᠨ  ᠣᠷᠣᠭᠤᠯᠬᠤ ᠶᠢᠨ ᠲᠥᠯᠥᠭᠡ᠂ ᠨᠥᠬᠦᠴᠡᠯ ᠲᠠᠢ ᠭᠠᠵᠠᠷ ᠣᠷᠣᠨ ᠠᠴᠠ  ᠰᠢᠶᠠᠩ  ᠪᠠᠯᠭᠠᠰᠤᠨ ᠤ  ᠡᠷᠡᠭᠦᠯ  ᠬᠠᠮᠠᠭᠠᠯᠠᠯ ᠤᠨ  ᠬᠤᠷᠢᠶ᠎ᠠ ᠶᠢ  ᠵᠣᠬᠢᠶᠠᠨ ᠪᠠᠶᠢᠭᠤᠯᠤᠨ ᠢᠯᠡ ᠪᠠᠷ ᠤᠷᠢᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠮᠴᠢ ᠪᠣᠯᠵᠤ ᠪᠠᠶᠢᠭ᠎ᠠ ᠠᠨᠠᠭᠠᠬᠤ  ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠎ ᠠᠴᠠ ᠲᠡᠭᠦᠰᠦᠭᠰᠡᠨ ᠰᠤᠷᠤᠭᠴᠢ ᠢᠯᠡ ᠪᠠᠷ ᠤᠷᠢᠭᠳᠠᠨ ᠬᠡᠷᠡᠭᠯᠡᠭᠳᠡᠭᠰᠡᠨ ᠤ ᠳᠠᠷᠠᠭ᠎ᠠ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠡᠭᠦᠨ ᠲᠠᠢ ᠤᠷᠢᠵᠤ ᠬᠡᠷᠡᠭᠯᠡᠬᠦ ᠪᠤᠶᠤ  ᠬᠥᠳᠡᠯᠮᠦᠷᠢ ᠶᠢᠨ ᠭᠡᠷ᠎ᠡ ᠶᠢ ᠬᠠᠤᠯᠢ ᠶᠣᠰᠣᠭᠠᠷ ᠲᠣᠭᠲᠠᠭᠠᠬᠤ ᠬᠡᠷᠡᠭᠲᠡᠶ ᠭᠡᠵᠡᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠬᠥᠳᠡᠭᠡ ᠲᠣᠰᠬᠤᠨ ᠤ ᠡᠮᠴᠢ ᠶᠢᠨ ᠡᠯ᠎ᠡ ᠵᠦᠢᠯ ᠤᠨ ᠨᠥᠬᠦᠪᠥᠷᠢ ᠶᠢᠨ ᠬᠠᠷᠠᠭᠠᠯᠵᠠᠯ ᠢ ᠤᠯᠠᠮ  ᠨᠢᠭᠡ  ᠠᠯᠬᠤᠮ  ᠲᠣᠳᠣᠷᠬᠠᠶ ᠨᠠᠶᠢᠳᠠᠪᠤᠷᠢᠵᠢᠭᠤᠯᠤᠨ᠂ ᠡᠮᠴᠢᠯᠡᠭᠡᠨ ᠤ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠦᠨᠳᠦᠰᠦᠨ ᠣᠨᠣᠰᠢᠯᠠᠨ ᠡᠮᠨᠡᠬᠦ ᠲᠥᠬᠦᠭᠡᠷᠦᠮᠵᠢ ᠪᠠ ᠡᠮ ᠤᠨ ᠵᠦᠢᠯ ᠢ ᠲᠣᠬᠢᠷᠠᠭᠤᠯᠤᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ  ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠳᠤ ᠦᠨᠳᠦᠰᠦᠯᠡᠬᠦ᠂ ᠬᠥᠳᠡᠭᠡ ᠲᠣᠰᠬᠤᠨ ᠳᠤ ᠦᠢᠯᠡᠴᠢᠯᠡᠬᠦ ᠶᠢ ᠳᠡᠮᠵᠢᠨ ᠪᠠᠲᠤᠯᠠᠨ᠎ᠠ ᠭᠡᠵᠦ ᠴᠢᠬᠤᠯᠠᠴᠢᠯᠠᠵᠠᠢ᠃           ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠰᠢᠯᠭᠠᠯᠲᠠ ᠬᠡᠯᠲᠦᠷᠢᠭᠦᠯᠦᠨ ᠬᠥᠳᠡᠭᠡ ᠲᠣᠰᠬᠤᠨ ᠤ  ᠡᠮᠴᠢ ᠶᠢᠨ ᠠᠵᠢᠯ   ᠡᠷᠬᠢᠯᠡᠬᠦ ᠳᠠᠩᠰᠠᠯᠠᠯ ᠢ ᠭᠤᠶᠤᠴᠢᠯᠠᠬᠤ ᠶᠢ ᠵᠥᠪᠰᠢᠶᠡᠷᠡᠬᠦ ᠨᠢ ᠨᠡᠯᠢᠶᠡᠳ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠣᠷᠣᠯᠴᠠᠭᠤᠯᠬᠤ᠂ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠪᠠᠷ ᠪᠠᠷᠠᠬᠤ ᠦᠭᠡᠢ ᠪᠠᠰᠠ ᠬᠤᠯᠪᠣᠭᠳᠠᠯ ᠪᠦᠬᠦᠢ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠶᠢ ᠠᠬᠢᠭᠤᠯᠵᠤ ᠬᠥᠳᠡᠭᠡ ᠲᠣᠰᠬᠤᠨ ᠤ ᠡᠮᠴᠢ ᠶᠢᠨ ᠰᠤᠷᠤᠯᠭ᠎ᠠ ᠶᠢᠨ ᠨᠠᠮᠲᠠᠷ ᠤᠨ ᠪᠦᠲᠦᠴᠡ ᠶᠢ ᠰᠠᠶᠢᠵᠢᠷᠠᠭᠤᠯᠬᠤ ᠳᠤ ᠠᠰᠢᠭᠲᠠᠶ ᠪᠠᠶᠢᠵᠤ᠂ ᠬᠥᠳᠡᠭᠡ ᠲᠣᠰᠬᠤᠨ ᠤ ᠭᠠᠵᠠᠷ ᠣᠷᠣᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠵᠦ  ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号