ᠤᠰᠤᠨ ᠳᠤ ᠵᠢᠪᠬᠦ ᠠᠴᠠ ᠰᠡᠷᠭᠡᠶᠢᠯᠡᠬᠦ ᠡᠳᠡᠭᠡᠷ ᠮᠡᠳᠡᠯᠭᠡ ᠶᠢ ᠬᠡᠤᠬᠡᠳ ᠤᠳ ᠲᠤ ᠬᠡᠯᠡᠵᠦ ᠥᠭᠬᠦ ᠬᠡᠷᠡᠭᠲᠡᠶ
ᠨᠡᠶᠢᠲᠡᠯᠡᠭᠰᠡᠨ ᠴᠠᠭ᠄
2020/7/22
  ᠣᠰᠣᠨ ᠳᠤ  ᠵᠢᠪᠬᠦ ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ ᠬᠡᠷᠡᠭᠲᠡᠢ           ᠪᠡᠭᠡᠵᠢᠩ ᠤᠨ ᠬᠡᠤᠬᠡᠳ ᠤᠨ ᠡᠮᠨᠡᠯᠭᠡ ᠶᠢᠨ ᠬᠤᠷᠢᠶᠠᠨ ᠤ ᠱᠦᠨ ᠢ ᠡᠮᠡᠭᠲᠡᠶᠢᠴᠤᠳ ᠬᠡᠤᠬᠡᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠭᠠᠳᠠᠷ ᠰᠠᠯᠠᠭᠠᠨ ᠤ ᠭᠤᠤᠯ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠬᠥᠮᠦᠨ ᠤᠰᠤᠨ ᠳᠤ ᠵᠢᠪᠪᠦᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠪᠢᠳᠡᠨ ᠤ ᠠᠮᠢᠰᠬᠤᠯ ᠤᠨ ᠵᠠᠮ ᠢ ᠬᠦᠨᠳᠦ ᠨᠣᠴᠢᠲᠠᠢ ᠪᠦᠭᠯᠡᠵᠥ᠂ ᠠᠭᠤᠰᠬᠢᠨ ᠤ ᠬᠦᠴᠢᠯᠲᠥ᠋ᠷᠥᠭᠴᠢ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠶᠢᠨ ᠰᠣᠯᠢᠯᠴᠠᠭ᠎ᠠ ᠳᠤ ᠬᠠᠷᠰᠢ ᠰᠠᠭᠠᠳ ᠤᠴᠠᠷᠠᠭᠤᠯᠵᠦ ᠠᠮᠢᠰᠬᠤᠯ ᠪᠥᠭᠯᠡᠷᠡᠳᠡᠭ︔ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠤᠰᠤ ᠪᠠ ᠪᠣᠰᠣᠳ ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ ᠥᠭᠴᠦ ᠵᠠᠩᠭᠢᠷᠠᠬᠤ ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ ᠪᠠᠶᠢᠳᠠᠯ ᠨᠢ ᠴᠥᠮ ᠬᠥᠮᠦᠨ ᠢ  ᠦᠬᠦᠭᠦᠯᠳᠡᠭ ᠶᠤᠮ᠃ ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ ᠳᠤᠲᠠᠪᠠᠯ ᠲᠠᠷᠢᠬᠢᠨ  ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠠᠶᠢᠳᠠᠭ᠃           ᠤᠰᠤᠨ ᠳᠤ ᠤᠨᠠᠪᠠᠯ ᠥᠪᠡᠷ ᠢ ᠪᠠᠨ ᠢᠩᠭᠢᠵᠦ ᠠᠪᠤᠷᠠᠭᠠᠷᠠᠶ             ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ ᠣᠷᠣᠨ ᠢ ᠬᠡᠷᠬᠢᠨ ᠢᠯᠭᠠᠨ ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ ᠵᠢᠩᠬᠢᠨᠢ ᠤᠮᠪᠠᠯᠲᠠ ᠶᠢᠨ ᠭᠠᠵᠠᠷ ︵ᠠᠮᠤᠷ ᠢ ᠬᠠᠮᠠᠭᠠᠯᠠᠭᠴᠢ ᠪᠠ ᠤᠰᠤᠨ ᠤ ᠭᠦᠨ ᠭᠦᠢᠬᠡᠨ ᠤ ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ ᠪᠤᠰᠤᠳ ᠠᠮᠤᠷ ᠢ ᠬᠠᠮᠠᠭᠠᠯᠠᠬᠤ ᠬᠦᠮᠣᠨ ᠪᠠᠶᠢᠬᠤ ᠦᠬᠡᠢ ᠪᠠ ᠠᠮᠤᠷ ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ  ᠳᠣᠣᠷ᠎ᠠ  ᠴᠥᠭᠦᠷᠥᠮ᠂  ᠭᠤᠣᠯ  ᠮᠥᠷᠡᠨ᠂  ᠳᠠᠯᠠᠢ ᠶᠢᠨ  ᠤᠰᠤᠨ ᠳᠤ ᠣᠴᠢᠵᠤ ᠤᠰᠤ ᠨᠠᠭᠠᠳᠴᠤ ᠪᠣᠯᠬᠤ ᠦᠬᠡᠢ᠃ ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ   ᠨᠢ  ᠬᠦᠷᠲᠡᠯ᠎ᠡ  ᠤᠰᠤᠨ ᠳᠤ ᠵᠢᠪᠬᠦ ᠠᠶᠤᠯ ᠲᠠᠢ ᠭᠡᠳᠡᠭ ᠢ ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃           ᠡᠭᠦᠨ ᠤ ᠬᠠᠮᠲᠤ᠂  ᠬᠡᠦᠬᠡᠳ ᠲᠤ ᠵᠥᠪ ᠣᠨᠣᠪᠴᠢᠲᠠᠢ ᠥᠪᠡᠷ ᠢ ᠪᠠᠨ ᠠᠪᠤᠷᠠᠬᠤ ᠠᠷᠭ᠎ᠠ ᠶᠢ  ᠡᠵᠡᠮᠰᠢᠭᠦᠯᠬᠦ ᠬᠡᠷᠡᠭᠲᠡᠢ᠃ ᠵᠢᠱᠢᠶᠡᠯᠡᠪᠡᠯ᠂ ᠤᠰᠤᠨ ᠳᠤ ᠤᠮᠪᠠᠭ᠋ᠤ ᠦᠶ᠎ᠡ ᠳᠤ ᠬᠦᠯ ᠤᠨ ᠪᠤᠯᠴᠢᠩ ᠤᠨ ᠰᠢᠷᠪᠥᠰᠥ ᠲᠠᠲᠠᠬᠤ ᠪᠠᠶᠢᠳᠠᠯ ᠭᠠᠷᠳᠠᠭ᠃ ᠡᠨᠡ ᠦᠶ᠎ᠡ ᠳᠤ ᠰᠢᠷᠪᠥᠰᠥ ᠲᠠᠲᠠᠭᠰᠠᠨ ᠬᠥᠯ ᠤᠨ ᠬᠤᠷᠤᠭᠤ ᠶᠢ ᠭᠠᠷ ᠢᠶᠠᠷ ᠢᠶᠠᠨ  ᠠᠳᠬᠤᠵᠤ᠂ ᠳᠡᠭᠡᠭᠰᠢ ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ ᠰᠤᠩᠭᠠᠵᠤ ᠪᠣᠯᠤᠨ᠎ᠠ᠃ ᠨᠥᠭᠦᠭᠡ ᠭᠠᠷ ᠢᠶᠠᠷ ᠢᠶᠠᠨ ᠤᠰᠤ ᠰᠡᠯᠢᠵᠦ ᠂ ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ ᠬᠦᠪᠪᠤᠭᠦᠯᠦᠨ᠎ᠡ᠃ ᠡᠭᠦᠨ ᠠᠴᠠ ᠭᠠᠳᠠᠨ᠎ᠠ᠂ ᠤᠮᠪᠠᠵᠤ ᠴᠢᠳᠠᠬᠤ ᠦᠭᠡᠢ ᠬᠥᠮᠦᠨ ᠵᠣᠯ ᠪᠤᠰᠤ ᠪᠠᠷ ᠤᠰᠤᠨ ᠳᠤ ᠣᠨᠠᠪᠠᠯ᠂ ᠡᠩ  ᠲᠡᠷᠢᠭᠦᠨ ᠳᠤ ᠯᠠᠪᠳᠠᠭᠤᠨ ᠲᠣᠭᠲᠠᠭᠤᠨ ᠪᠠᠶᠢᠵᠤ᠂ ᠪᠡᠶ᠎ᠡ ᠪᠠᠨ ᠳᠡᠭᠡᠭᠰᠢ‌ᠬᠠᠨᠳᠣᠭᠤᠯᠣᠨ᠂ ᠲᠣᠯᠣᠭᠠᠢ ᠪᠠᠨ ᠠᠷᠤᠨᠰᠢ ᠪᠠᠨ ᠭᠡᠳᠡᠶᠢᠵᠣ᠂ ᠠᠮᠠ ᠬᠠᠮᠠᠷ ᠢᠶᠠᠨ ᠠᠯᠢ  ᠴᠢᠳᠠᠬᠤ ᠪᠠᠷ ᠤᠰᠤᠨ ᠳᠡᠭᠡᠷ᠎ᠡ ᠭᠠᠷᠭᠠᠵᠤ᠂ ᠴᠢᠳᠠᠬᠤ ᠶᠢᠨ ᠬᠢᠷᠢ ᠪᠠᠷ ᠪᠡᠶ᠎ᠡ ᠪᠠᠨ ᠣᠰᠣᠨ ᠳᠤ ᠵᠢᠪᠪᠦᠭᠦᠯᠬᠦ ᠦᠭᠡᠢ ᠪᠠᠶᠢᠵᠣ᠂ ᠪᠡᠶ᠎ᠡ ᠲᠡᠭᠡᠷᠡᠬᠢ ᠬᠦᠨᠳᠦ ᠶᠠᠭᠤᠮ᠎ᠠ ᠪᠠᠨ ᠲᠠᠶᠠᠭᠳᠠᠨ᠂ ᠭᠠᠷ ᠢᠶᠠᠨ ᠤᠰᠤᠨ ᠲᠣᠳᠣᠷ᠎ᠠ ᠪᠠᠶᠢᠯᠭᠠᠬᠤ ᠬᠡᠷᠡᠭᠲᠡᠢ᠂ ᠳᠡᠭᠡᠭᠰᠢ ᠡᠷᠭᠦᠵᠦ ᠪᠣᠯᠬᠤ ᠦᠭᠡᠢ᠂ ᠬᠡᠲᠦᠷᠬᠡᠶ ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ ᠲᠤᠰᠠᠯᠠᠬᠤ ᠶᠢ ᠬᠦᠯᠢᠶᠡᠨ᠎ᠡ᠃             ᠤᠰᠤᠨ ᠳᠤ ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ ᠪᠠᠶᠢᠬᠤ ᠬᠡᠷᠡᠭᠲᠡᠶ           ᠬᠡᠷᠪᠡ ᠬᠠᠵᠠᠭᠤ ᠳᠤ ᠴᠢᠨᠢ ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ ᠡᠮᠴᠢ ᠵᠣ᠋ ᠯᠢᠨ ᠱᠧᠩ ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ ᠬᠢᠷᠢ  ᠪᠠᠷ   ᠢᠶᠠᠨ ᠠᠪᠤᠷᠠᠬᠤ ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ ᠦᠭᠡᠢ᠃ ᠠᠪᠤᠷᠠᠭᠴᠢ ᠨᠢ ᠨᠠᠩ ᠣᠯᠠᠨ ᠬᠥᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ ᠬᠠᠮᠵᠢᠭᠤᠯᠬᠤ ᠬᠡᠷᠡᠭᠲᠡᠶ᠂ ᠡᠭᠦᠨ ᠤ ᠬᠠᠮᠲᠤ ᠤᠰᠤᠨ ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ ᠮᠣᠳᠣᠨ ᠬᠠᠪᠲᠠᠰᠤ ᠵᠡᠷᠭᠡ ᠪᠠᠷ ᠤᠰᠤᠨ ᠳᠤ ᠵᠢᠪᠪᠦᠭᠰᠡᠨ ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ ᠠᠪᠣᠷᠠᠵᠣ ᠪᠣᠯᠣᠨ᠎ᠠ᠃ ᠬᠡᠷᠪᠡ ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ ᠪᠠᠴᠢᠮ ᠪᠠᠶᠢᠪᠠᠯ᠂ ᠳᠠᠷᠤᠶ ᠲᠦᠷᠭᠡᠨ 120 ᠲᠦᠷᠭᠡᠨ ᠠᠪᠤᠷᠠᠬᠤ ᠤᠲᠠᠰᠤ ᠠᠪᠬᠤ ᠬᠡᠷᠡᠭᠲᠡᠶ᠃  ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ ᠲᠦᠪᠰᠢᠨ ᠭᠡᠰᠡᠨ ᠢ ᠨᠤᠲᠠᠯᠠᠭᠰᠠᠨ ᠤ ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ ᠠᠪᠤᠷᠠᠯᠲᠠ ᠬᠢᠭᠰᠡᠳ ᠤᠰᠤᠨ ᠳᠤ ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ ᠲᠤᠯᠵᠤ᠂ ᠠᠮᠢᠰᠬᠤᠵᠤ ᠴᠢᠳᠠᠬᠤ ᠶᠢ  ᠪᠠᠲᠤᠯᠠᠵᠤ᠂  ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃  ᠲᠦᠷᠭᠡᠨ ᠠᠪᠤᠷᠠᠯᠲᠠ ᠶᠢᠨ  ᠬᠥᠮᠦᠰ  ᠬᠦᠷᠴᠦ ᠢᠷᠡᠬᠦ ᠠᠴᠠ  ᠡᠮᠦᠨ᠎ᠡ᠂ ᠤᠰᠤᠨ ᠳᠤ ᠵᠢᠪᠪᠦᠭᠰᠡᠨ ᠬᠥᠮᠦᠨ ᠢ ᠲᠡᠭᠰᠢᠬᠡᠨ  ᠭᠠᠵᠠᠷ  ᠳᠡᠭᠡᠷ᠎ᠡ  ᠭᠡᠪᠲᠡᠭᠦᠯᠵᠦ᠂  ᠠᠮᠠᠨ ᠤ ᠬᠥᠨᠳᠡᠶ᠂  ᠬᠠᠮᠠᠷ ᠰᠠᠮᠰᠠ ᠳᠤ ᠣᠷᠣᠭᠰᠠᠨ  ᠪᠣᠳᠠᠰ ︵ᠵᠢᠱᠢᠶᠡᠯᠡᠪᠡᠯ ᠯᠠᠭ ᠰᠢᠪᠡᠷ᠂ ᠪᠤᠵᠠᠷ ᠡᠪᠡᠰᠦ ᠵᠡᠷᠭᠡ︶ ᠢ ᠲᠦᠷᠭᠡᠨ ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ ᠵᠢᠪᠪᠦᠭᠰᠡᠨ ᠬᠥᠮᠦᠨ ᠤ ᠲᠣᠯᠣᠭᠠᠶ ᠶᠢ ᠬᠠᠵᠠᠶᠢᠯᠭᠠᠵᠤ᠂ ᠵᠠᠯᠬᠢᠭᠰᠠᠨ ᠤᠰᠤ ᠶᠢ ᠨᠢ  ᠠᠮᠠ ᠪᠠᠷ ᠨᠢ ᠤᠷᠤᠰᠬᠠᠨ ᠭᠠᠷᠭᠠᠵᠤ᠂  ᠳᠠᠬᠢᠨ ᠲᠣᠯᠣᠭᠠᠶ ᠶᠢ ᠨᠢ ᠲᠡᠭᠡᠭᠡᠰᠢ ᠪᠠᠨ ᠬᠠᠨᠳᠣᠭᠤᠯᠣᠨ᠎ᠠ᠃ ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ  ᠮᠡᠳᠡᠷᠡᠯ ᠪᠠ ᠠᠮᠢᠰᠬᠤᠭ᠎ᠠ ᠶᠢ ᠲᠦᠷᠭᠡᠨ ᠮᠠᠭᠠᠳᠯᠠᠨ᠎ᠠ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ ᠦᠭᠡᠢ ᠪᠣᠯ ᠳᠠᠷᠦ᠋ᠢᠬᠠᠨ ᠵᠢᠷᠦᠬᠡ ᠠᠭᠤᠰᠭᠢ ᠶᠢ ᠰᠡᠷᠭᠦᠭᠡᠬᠦ ᠠᠪᠣᠷᠠᠯᠳᠠ ᠬᠢᠨ᠎ᠡ᠂  ᠬᠠᠷᠢᠨ ᠤᠰᠤ ᠭᠠᠷᠭᠠᠬᠤ ᠶᠢ ᠶᠠᠭᠠᠷᠠᠵᠤ ᠪᠣᠯᠬᠤ ᠦᠭᠡᠢ᠂ ᠤᠴᠢᠷ ᠨᠢ ᠤᠰᠤᠨ ᠳᠤ ᠵᠢᠪᠬᠦ ᠦᠶ᠎ᠡ ᠳᠤ ᠬᠡᠳᠦᠨ ᠮᠢᠨᠦ᠋ᠲ ᠤᠨ ᠳᠣᠲᠣᠷ᠎ᠠ ᠤᠰᠤᠨ ᠳᠤ ᠵᠢᠪᠪᠦᠭᠰᠡᠨ ᠬᠥᠮᠦᠨ ᠤ  ᠲᠥᠪᠣᠩᠬᠡᠶ ᠶᠢᠨ ᠠᠪᠴᠢᠯᠲᠠ ᠠᠴᠠ ᠪᠣᠯᠵᠣ᠂ ᠤᠰᠤ ᠨᠢ ᠬᠤᠭᠤᠯᠠᠢ ᠪᠠᠷ ᠳᠡᠮᠵᠢᠨ ᠠᠭᠤᠰᠬᠢᠨ ᠳᠤ ᠣᠷᠣᠳᠠᠭ ᠥᠬᠡᠶ᠃  ᠡᠨᠡ ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠭᠠᠬᠤ ᠶᠠᠪᠤᠴᠠ ᠳᠤ ᠬᠤᠳᠣᠭᠤᠳᠣᠨ ᠳᠣᠲᠣᠷᠠᠬᠢ ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ ᠠᠶᠤᠯ ᠢ ᠨᠡᠮᠡᠭᠳᠡᠭᠦᠯᠳᠡᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号