ᠮᠠᠨ ᠤ ᠠᠶᠢᠮᠠᠭ ᠤᠨ ᠬᠤᠶᠠᠷ ᠰᠤᠷᠤᠭᠴᠢ ︽ᠲᠤᠮᠳᠠᠳᠤ ᠤᠯᠤᠰ ᠤᠨ ᠰᠤᠳᠤᠨ ᠪᠠᠭᠠᠴᠤᠳ︾᠎ ᠢᠶᠠᠷ ᠰᠤᠩᠭᠤᠭᠳᠠᠯ᠎ᠠ
ᠨᠡᠶᠢᠲᠡᠯᠡᠭᠰᠡᠨ ᠴᠠᠭ᠄
2020/7/9
    ︽ᠠ ᠯᠢ ᠪᠠ ᠪᠠ ᠵᠦᠪ ᠡᠨᠧᠷᠬᠢ︾᠂ ︽ᠮᠢᠩ ᠴᠧᠩ ᠦᠷᠯᠦᠬᠡ ᠶᠢᠨ ᠰᠤᠨᠢᠨ︾᠎ ᠠᠴᠠ ᠬᠠᠮᠳᠤᠷᠠᠨ ᠡᠷᠬᠢᠯᠡᠭᠰᠡᠨ ︽ᠲᠤᠮᠳᠠᠳᠤ ᠤᠯᠤᠰ ᠤᠨ ᠰᠤᠳᠤᠨ ᠪᠠᠭᠠᠴᠤᠳ︾ ᠰᠢᠯᠭᠠᠷᠠᠭᠤᠯᠬᠤ ᠠᠵᠢᠯᠯᠠᠭ᠎ᠠ ᠳᠤ 2019 ᠤᠨ ᠳᠤ ᠦᠪᠦᠷ ᠮᠤᠩᠭᠤᠯ ᠠᠴᠠ 1000 ᠭᠠᠷᠤᠢ ᠪᠠᠭᠠᠴᠤᠳ ᠤᠷᠤᠯᠴᠠᠵᠤ᠂ ᠡᠬᠦᠨ ᠤ ᠲᠤᠮᠳᠠ ᠠᠴᠠ 10 ᠪᠠᠭᠠᠴᠤᠳ ᠰᠢᠯᠭᠠᠷᠠᠭᠰᠠᠨ ᠤ ᠡᠴᠦᠰ ᠲᠤ ᠰᠢᠯᠤᠭᠤᠨ ᠬᠦᠬᠡ ᠬᠤᠰᠢᠭᠤᠨ ᠤ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠬᠤᠶᠠᠷ ᠰᠤᠷᠤᠭᠴᠢ ᠰᠤᠩᠭᠤᠭᠳᠠᠨ᠂ ᠤᠢᠢᠷ᠎ᠠ ᠳᠤ ᠱᠠᠩᠨᠠᠯ ᠤᠯᠭᠤᠬᠤ ᠶᠤᠰᠤᠯᠠᠯ ᠶᠠᠪᠤᠭᠳᠠᠯ᠎ᠠ᠃     ᠲᠤᠰ ᠬᠤᠶᠠᠷ ᠰᠤᠷᠤᠭᠴᠢ ᠪᠤᠯ ᠰᠢᠯᠤᠭᠤᠨ ᠬᠦᠬᠡ ᠬᠤᠰᠢᠭᠤᠨ ᠤ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠭᠤᠷᠪᠠᠳᠤᠭᠠᠷ ᠤᠨ ᠤ 163 ᠠᠩᠬᠢ ᠶᠢᠨ ᠤᠷᠠᠯᠢᠭ ᠪᠤᠯᠤᠨ 165 ᠠᠩᠬᠢ ᠶᠢᠨ ᠲᠤᠯᠠᠭᠠᠨ ᠪᠤᠯᠤᠨ᠎ᠠ᠃ ᠤᠷᠠᠯᠢᠭ ᠲᠤᠯᠠᠭᠠᠨ ᠬᠤᠶᠠᠷ ᠢ ᠰᠢᠯᠤᠭᠤᠨ ᠬᠦᠬᠡ ᠬᠤᠰᠢᠭᠤᠨ ᠤ ︽ᠬᠦᠮᠦᠨ ᠪᠠ ᠲᠠᠯ᠎ᠠ ᠨᠤᠳᠤᠭ︾ ᠤᠷᠴᠢᠨ ᠲᠤᠭᠤᠷᠢᠨ ᠢ ᠬᠠᠮᠠᠭᠠᠯᠠᠬᠤ ᠰᠠᠶᠢᠨ ᠲᠤᠷᠠᠴᠤᠳ ᠤᠨ ᠨᠡᠶᠢᠬᠡᠮᠯᠢᠭ ᠠᠴᠠ ᠲᠠᠨᠢᠯᠴᠠᠭᠤᠯᠤᠨ ᠤᠷᠤᠯᠴᠠᠭᠤᠯᠤᠭᠰᠠᠨ ᠪᠠᠶᠢᠯ᠎ᠠ᠃     ᠤᠷᠠᠯᠢᠭ ᠪᠤᠯ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭᠠᠨ ᠤ ᠢᠯᠠᠯᠳᠠ᠂ ᠤᠷᠠᠨᠬᠤᠸᠠᠷ ᠬᠤᠶᠠᠷ ᠤᠨ ᠦᠬᠢᠨ ᠪᠠᠶᠢᠵᠤ᠂ ᠰᠤᠷᠤᠯᠭ᠎ᠠ ᠮᠤᠷᠠᠯ ᠬᠤᠤᠰᠯᠠᠭᠰᠠᠨ ᠬᠡᠦᠬᠡᠳ ᠪᠤᠯᠬᠤ ᠶᠤᠮ᠃ ᠲᠡᠷᠡ ᠬᠢᠴᠢᠶᠡᠯ ᠰᠤᠷᠤᠯᠭ᠎ᠠ ᠳᠤ ᠪᠠᠨ ᠴᠢᠷᠮᠠᠶᠢᠯᠭ᠎ᠠ ᠲᠠᠢ᠂ ᠠᠵᠢᠯ ᠬᠦᠳᠡᠯᠮᠦᠷᠢ ᠳᠤ ᠢᠳᠡᠪᠬᠢᠳᠠᠢ ᠤᠷᠤᠯᠴᠠᠳᠠᠭ ᠪᠦᠬᠡᠳ ᠪᠠᠭᠰᠢ ᠠᠬᠠᠮᠠᠳ ᠢᠶᠠᠨ ᠬᠦᠨᠳᠦᠳᠬᠡᠨ᠂ ᠬᠠᠮᠳᠤ ᠨᠦᠬᠦᠳ ᠲᠠᠢ ᠪᠠᠨ ᠪᠦᠯᠬᠦᠮᠳᠡᠯ ᠲᠠᠢ᠂ ᠰᠤᠷᠭᠠᠭᠤᠯᠢ ᠶᠢᠨ ᠵᠤᠬᠢᠶᠠᠨ ᠪᠠᠶᠢᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠳᠠᠢ ᠤᠷᠤᠯᠴᠠᠳᠠᠭ᠃ 2012 ᠤᠨ ᠠᠴᠠ ᠤᠳᠤ ᠪᠤᠯᠳᠠᠯ᠎ᠠ ᠬᠤᠰᠢᠭᠤ᠂ ᠰᠤᠷᠭᠠᠭᠤᠯᠢ ᠶᠢᠨ ᠲᠡᠰ ᠤᠨ ᠭᠤᠷᠪᠠᠨ ᠰᠠᠶᠢᠨᠳᠠᠢ ᠰᠤᠷᠤᠭᠴᠢ᠂ ᠪᠤᠯᠪᠠᠰᠤᠨ ᠰᠤᠷᠤᠭᠴᠢ ᠪᠠᠷ ᠰᠤᠩᠭᠤᠭᠳᠠᠵᠤ᠂ ᠤᠷᠠᠨ ᠵᠢᠷᠤᠭ ᠤᠨ ᠤᠷᠤᠯᠳᠤᠭᠠᠨ᠂ ᠵᠤᠬᠢᠶᠠᠨ ᠪᠢᠴᠢᠯᠬᠡ ᠶᠢᠨ ᠤᠷᠤᠯᠳᠤᠭᠠᠨ᠂ ᠮᠡᠳᠡᠯᠬᠡ ᠶᠢᠨ ᠤᠷᠤᠯᠳᠤᠭᠠᠨ᠂ ᠤᠷᠠᠨ ᠤᠡᠭᠰᠢᠯᠭ᠎ᠠ ᠶᠢᠨ ᠤᠷᠤᠯᠳᠤᠭᠠᠨ ᠳᠤ ᠰᠢᠯᠢᠳᠡᠭ ᠬᠢᠷᠢ ᠪᠦᠳᠦᠮᠵᠢ ᠤᠯᠵᠤ ᠪᠠᠶᠢᠭᠰᠠᠠ ᠪᠢᠯᠠ᠃     ᠲᠤᠯᠠᠭᠠᠨ ᠪᠤᠯ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠤ ᠦᠯᠵᠡᠶᠢᠪᠦ᠋ᠷᠢᠨ᠂ ᠰᠡᠴᠡᠨ ᠬᠤᠶᠠᠷ ᠤᠨ ᠦᠬᠢᠨ ᠶᠤᠮ᠃ ᠲᠤᠯᠠᠭᠠᠠ ᠬᠢᠴᠢᠶᠡᠯ ᠰᠤᠷᠤᠯᠭ᠎ᠠ ᠳᠤ ᠪᠠᠨ ᠴᠢᠷᠮᠠᠶᠢᠯᠳᠠ ᠲᠠᠢ᠂ ᠠᠩᠬᠢ ᠶᠢᠨ ᠺᠠᠳ᠋ᠷ ᠤᠨ ᠠᠵᠢᠯ ᠢ ᠡᠬᠦᠷᠬᠡᠯᠡᠵᠦ᠂ ᠦᠪᠡᠷ ᠢ ᠪᠠᠨ ᠦᠷᠬᠦᠯᠵᠢ ᠲᠡᠬᠦᠯᠳᠡᠷᠵᠢᠬᠦᠯᠤᠨ ᠬᠡᠷ ᠲᠤ ᠪᠠᠨ ᠬᠠᠷᠢᠭᠰᠠᠭᠠᠷ ᠪᠡᠶ᠎ᠡ ᠠᠨᠠᠢ ᠡᠵᠢ ᠪᠠᠨ ᠠᠰᠠᠷᠠᠵᠤ ᠬᠠᠷᠠᠭᠠᠯᠵᠠᠳᠠᠭ᠃     ᠲᠤᠯᠠᠭᠠᠨ ᠪᠦᠬᠦ ᠠᠶᠢᠮᠠᠭ ᠤᠨ ︽ᠤᠶᠠᠩᠭᠠᠨ ᠬᠦᠦᠬᠡᠢ︾ ᠤᠷᠠᠨ ᠤᠡᠭᠰᠢᠯᠭ᠎ᠠ ᠶᠢᠨ ᠤᠷᠤᠯᠳᠤᠭᠠᠨ ᠤ ᠰᠢᠯᠢᠳᠡᠭ ᠲᠡᠰ᠂ ᠪᠦᠬᠦ ᠠᠶᠢᠮᠠᠭ ᠤᠨ ︽ᠤᠭᠤᠷ ᠤᠨ ᠲᠠᠭᠤᠨ︾ ᠤᠷᠠᠨ ᠤᠡᠭᠰᠢᠯᠭ᠎ᠠ ᠶᠢᠨ ᠤᠷᠤᠯᠳᠤᠭᠠᠨ ᠤ ᠭᠤᠷᠪᠠᠳᠤᠭᠠᠷ ᠲᠡᠰ ᠲᠤ ᠰᠢᠯᠭᠠᠷᠠᠵᠤ ᠪᠠᠶᠢᠭᠰᠠᠨ ᠪᠦᠬᠡᠳ 2018 ᠤᠨ ᠳᠤ ᠪᠦᠬᠦ ᠠᠶᠢᠮᠠᠭ ᠤᠨ ᠰᠢᠯᠢᠳᠡᠭ ᠰᠤᠷᠤᠭᠴᠢ ᠶᠢᠨ ᠬᠤᠷᠠᠯ ᠤᠨ ᠺᠠᠳ᠋ᠷ ᠢᠶᠠᠷ ᠰᠤᠩᠭᠤᠭᠳᠠᠭᠰᠠᠨ ᠶᠤᠮ᠃ 2017 ᠤᠨ ᠳᠤ ᠦᠪᠦᠷ ᠮᠤᠩᠭᠤᠯ ᠤᠨ ᠤᠳᠤᠨ ᠲᠧᠯᠸᠢᠰ ᠤᠨ ︽ᠨᠠᠬᠢᠶ᠎ᠠ︾ ᠲᠡᠯᠬᠡᠴᠡ ᠠᠴᠠ ᠲᠡᠬᠦᠨ ᠤ ᠰᠤᠷᠤᠯᠭ᠎ᠠ ᠠᠮᠢᠳᠤᠷᠠᠯ ᠤᠨ ᠬᠢᠨᠢ ᠲᠤᠬᠠᠢ ᠮᠦᠷᠳᠡᠨ ᠰᠤᠷᠪᠤᠯᠵᠢᠯᠠᠭ᠎ᠠ ᠬᠢᠵᠦ ᠪᠠᠶᠢᠭᠰᠠᠨ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号