ᠤᠯᠤᠰ ᠎ ᠤᠨ ᠰᠤᠷᠤᠯᠭ᠎ᠠ ᠎ ᠶᠢᠨ ᠲᠡᠳᠬᠦᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠡᠬᠡ ᠮᠥᠩᠭᠦ ᠪᠤᠴᠠᠭᠠᠬᠤ ᠬᠤᠭᠤᠴᠠᠭ᠎ᠠ ᠶᠢ 3 ᠵᠢᠯ ᠪᠠᠶᠢᠬᠰᠠᠨ ᠠᠴᠠ 5 ᠵᠢᠯ ᠪᠣᠯᠭᠠᠨ᠎ᠠ
ᠨᠡᠶᠢᠲᠡᠯᠡᠭᠰᠡᠨ ᠴᠠᠭ᠄
2020/8/11
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂  ᠳᠤᠮᠳᠠᠳᠤ  ᠤᠯᠤᠰ ᠤᠨ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ  ᠵᠥᠪᠯᠡᠯ  ᠵᠡᠷᠭᠡ  ᠳᠥᠷᠪᠡᠨ  ᠰᠠᠯᠠᠭ᠎ᠠ  ᠮᠥᠴᠢᠷ ᠬᠠᠮᠲᠤᠷᠠᠨ ︽ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ  ᠲᠤᠬᠠᠶ  ᠮᠡᠳᠡᠭᠳᠡᠯ︾᠎ ᠢ  ᠳᠠᠷᠤᠮᠠᠯᠯᠠᠨ  ᠲᠠᠷᠬᠠᠭᠠᠵᠤ᠂ ᠰᠤᠷᠤᠯᠭ᠎ᠠ ᠶᠢᠨ ᠲᠡᠳᠬᠦᠮᠵᠢ ᠵᠢᠨ‌ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ 3 ᠲᠠᠯ᠎ᠠ ᠠᠴᠠ ᠲᠣᠬᠢᠷᠠᠭᠤᠯᠤᠯᠲᠠ ᠬᠢᠪᠠ᠃             ᠮᠡᠳᠡᠭᠳᠡᠯ ᠳᠤ᠂  ᠭᠡᠷ  ᠪᠦᠯᠢ ᠶᠢᠨ  ᠠᠵᠤ  ᠠᠬᠤᠶ ᠨᠢ  ᠬᠦᠴᠢᠷᠳᠡᠯᠲᠡᠶ  ᠰᠤᠷᠤᠭᠴᠢᠳ ᠢ  ᠳᠡᠮᠵᠢᠬᠦ  ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠵᠢᠭᠡᠯᠡᠭᠰᠡᠨ  ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ  ᠪᠣᠳᠣᠯᠭ᠎ᠠ ᠶᠢ ᠳᠣᠤᠷᠠᠬᠢ ᠮᠡᠲᠦ ᠲᠣᠬᠢᠷᠠᠭᠤᠯᠤᠨ ᠲᠡᠭᠦᠯᠳᠡᠷᠵᠢᠭᠦᠯᠦᠨ᠎ᠠ᠄ ᠨᠢᠭᠡ ᠳᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠬᠡ ᠮᠥᠩᠭᠦ ᠪᠤᠴᠠᠭᠠᠬᠤ ᠬᠤᠭᠤᠴᠠᠭ᠎ᠠ ᠶᠢ 3 ᠵᠢᠯ ᠪᠠᠶᠢᠬᠰᠠᠨ ᠠᠴᠠ 5 ᠵᠢᠯ ᠪᠣᠯᠭᠠᠨ᠎ᠠ᠃ ᠬᠤᠶᠠᠷ ᠲᠤ  ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ  ᠬᠤᠭᠤᠴᠠᠭ᠎ᠠ ᠶᠢ ᠰᠤᠷᠤᠯᠭ᠎ᠠ ᠶᠢᠨ ᠲᠦᠷᠢᠮ ᠤᠨ ᠬᠤᠭᠤᠴᠠᠭ᠎ᠠ ᠳᠡᠭᠡᠷ᠎ᠡ  13  ᠵᠢᠯ  ᠨᠡᠮᠡᠭᠡᠳ  ᠬᠠᠮᠤᠭ ᠤᠨ  ᠤᠷᠲᠤ ᠳᠠᠭᠠᠨ 20  ᠵᠢᠯ ᠠᠴᠠ ᠬᠡᠲᠦᠷᠡᠭᠦᠯᠵᠦ ᠪᠣᠯᠬᠤ ᠦᠭᠡᠶ ᠭᠡᠵᠦ ᠪᠠᠶᠢᠬᠰᠠᠨ ᠠᠴᠠ ᠲᠤᠬᠢᠷᠠᠭᠤᠯᠤᠭᠠᠳ ᠰᠤᠷᠤᠯᠭ᠎ᠠ ᠶᠢᠨ ᠳᠦᠷᠢᠮ ᠤᠨ ᠬᠤᠭᠤᠴᠠᠭ᠎ᠠ  ᠳᠡᠭᠡᠷ᠎ᠡ 15 ᠵᠢᠯ ᠨᠡᠮᠡᠭᠡᠳ ᠬᠠᠮᠤᠭ ᠤᠨ ᠤᠷᠲᠤ ᠳᠠᠭᠠᠨ 22 ᠵᠢᠯ ᠠᠴᠠ ᠬᠡᠲᠦᠷᠡᠭᠦᠯᠭᠦ ᠦᠭᠡᠢ  ᠪᠤᠯᠭᠠᠨ᠎ᠠ᠃  ᠭᠤᠷᠪᠠ ᠳᠤ  2020 ᠣᠨ ᠤ 1 ᠰᠠᠷ᠎ᠠ ᠶᠢᠨ 1᠎ ᠤ  ᠡᠳᠦᠷ ᠠᠴᠠ  ᠡᠬᠢᠯᠡᠨ  ᠰᠢᠨ᠎ᠡ ᠪᠠᠷ ᠭᠡᠷ᠎ᠡ  ᠲᠣᠭᠲᠠᠭᠰᠠᠨ  ᠰᠤᠷᠤᠯᠭ᠎ᠠ ᠶᠢᠨ  ᠲᠡᠳᠬᠦᠮᠵᠢ ᠵᠢᠨ‌ᠵᠢᠭᠡᠯᠡᠯᠭᠡ ᠶᠢᠨ ᠬᠦᠤ ᠮᠦᠡᠭᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ‍ᠤᠨ‌ᠦᠨ᠎ᠡ ᠶᠢᠨ ᠬᠦᠤ ᠮᠦᠡᠭᠭᠦ ᠶᠢᠨ ᠨᠣᠷᠮ᠎ᠠ ︵LPR︶᠎ ᠠᠴᠠ 30 ᠰᠠᠭᠤᠷᠢ ᠴᠡᠭ ᠬᠠᠰᠤᠵᠤ ᠬᠡᠷᠡᠭᠵᠢᠭᠦᠯᠦᠨ᠎ᠡ ᠭᠡᠵᠦ ᠲᠤᠳᠤᠷᠬᠠᠢ ᠲᠤᠬᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号