ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ | ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠳᠥᠷᠪᠡᠨ | ᠰᠠᠯᠠᠭ᠎ᠠ ᠮᠥᠴᠢᠷ ᠬᠠᠮᠲᠤᠷᠠᠨ ︽ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠰᠤᠷᠤᠯᠭ᠎ᠠ ᠶᠢᠨ ᠲᠡᠳᠬᠦᠮᠵᠢ ᠵᠢᠨᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ 3 | ᠲᠠᠯ᠎ᠠ ᠠᠴᠠ ᠲᠣᠬᠢᠷᠠᠭᠤᠯᠤᠯᠲᠠ ᠬᠢᠪᠠ᠃ | ᠮᠡᠳᠡᠭᠳᠡᠯ ᠳᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ | ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ | ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠤᠷᠠᠬᠢ | ᠮᠡᠲᠦ ᠲᠣᠬᠢᠷᠠᠭᠤᠯᠤᠨ ᠲᠡᠭᠦᠯᠳᠡᠷᠵᠢᠭᠦᠯᠦᠨ᠎ᠠ᠄ ᠨᠢᠭᠡ ᠳᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠬᠡ | ᠮᠥᠩᠭᠦ ᠪᠤᠴᠠᠭᠠᠬᠤ ᠬᠤᠭᠤᠴᠠᠭ᠎ᠠ ᠶᠢ 3 ᠵᠢᠯ ᠪᠠᠶᠢᠬᠰᠠᠨ ᠠᠴᠠ 5 ᠵᠢᠯ ᠪᠣᠯᠭᠠᠨ᠎ᠠ᠃ ᠬᠤᠶᠠᠷ ᠲᠤ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠰᠤᠷᠤᠯᠭ᠎ᠠ ᠶᠢᠨ ᠲᠦᠷᠢᠮ ᠤᠨ ᠬᠤᠭᠤᠴᠠᠭ᠎ᠠ ᠳᠡᠭᠡᠷ᠎ᠡ 13 | ᠵᠢᠯ ᠨᠡᠮᠡᠭᠡᠳ ᠬᠠᠮᠤᠭ ᠤᠨ ᠤᠷᠲᠤ ᠳᠠᠭᠠᠨ 20 ᠵᠢᠯ ᠠᠴᠠ ᠬᠡᠲᠦᠷᠡᠭᠦᠯᠵᠦ ᠪᠣᠯᠬᠤ ᠦᠭᠡᠶ ᠭᠡᠵᠦ | ᠪᠠᠶᠢᠬᠰᠠᠨ ᠠᠴᠠ ᠲᠤᠬᠢᠷᠠᠭᠤᠯᠤᠭᠠᠳ ᠰᠤᠷᠤᠯᠭ᠎ᠠ ᠶᠢᠨ ᠳᠦᠷᠢᠮ ᠤᠨ ᠬᠤᠭᠤᠴᠠᠭ᠎ᠠ ᠳᠡᠭᠡᠷ᠎ᠡ 15 ᠵᠢᠯ ᠨᠡᠮᠡᠭᠡᠳ | ᠬᠠᠮᠤᠭ ᠤᠨ ᠤᠷᠲᠤ ᠳᠠᠭᠠᠨ 22 ᠵᠢᠯ ᠠᠴᠠ ᠬᠡᠲᠦᠷᠡᠭᠦᠯᠭᠦ ᠦᠭᠡᠢ ᠪᠤᠯᠭᠠᠨ᠎ᠠ᠃ ᠭᠤᠷᠪᠠ ᠳᠤ 2020 ᠣᠨ ᠤ | 1 ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠪᠠᠷ ᠭᠡᠷ᠎ᠡ ᠲᠣᠭᠲᠠᠭᠰᠠᠨ ᠰᠤᠷᠤᠯᠭ᠎ᠠ ᠶᠢᠨ | ᠲᠡᠳᠬᠦᠮᠵᠢ ᠵᠢᠨᠵᠢᠭᠡᠯᠡᠯᠭᠡ ᠶᠢᠨ ᠬᠦᠤ ᠮᠦᠡᠭᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ | ᠵᠢᠭᠡᠯᠡᠯᠭᠡ ᠶᠢᠨ ᠵᠠᠬ᠎ᠠ ᠳᠡᠯᠭᠡᠭᠦᠷ ᠤᠨᠦᠨᠡ ᠶᠢᠨ ᠬᠦᠤ ᠮᠦᠡᠭᠭᠦ ᠶᠢᠨ ᠨᠣᠷᠮ᠎ᠠ ︵LPR︶ ᠠᠴᠠ 30 ᠰᠠᠭᠤᠷᠢ | ᠴᠡᠭ ᠬᠠᠰᠤᠵᠤ ᠬᠡᠷᠡᠭᠵᠢᠭᠦᠯᠦᠨ᠎ᠡ ᠭᠡᠵᠦ ᠲᠤᠳᠤᠷᠬᠠᠢ ᠲᠤᠬᠳᠠᠭᠠᠪᠠ᠃ |