ᠪᠦᠬᠦ ᠠᠶᠢᠮᠠᠭ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠬᠤᠷᠳᠤᠴᠠ 3 ᠰᠠᠷ᠎ᠠ ᠲᠠᠷᠠᠭᠠᠯᠠᠨ ᠪᠦᠬᠦ ᠤᠷᠤᠨ ᠳᠤ ᠲᠦᠷᠦᠭᠦᠯᠡᠪᠡ
ᠨᠡᠶᠢᠲᠡᠯᠡᠭᠰᠡᠨ ᠴᠠᠭ᠄
2020/8/14
    ᠡᠨᠡ ᠵᠢᠯ ᠠᠴᠠ ᠨᠠᠰᠢ᠂ ᠪᠦᠬᠦ ᠠᠶᠢᠮᠠᠭ ᠲᠠᠶᠠᠭᠠᠷ ᠨᠢᠭᠡ ᠳᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ᠂ ᠨᠦᠭᠦᠭᠡ ᠳᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠦᠷᠭᠡᠳᠭᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠠᠰᠢᠭ ᠲᠠᠢ ᠠᠬᠢᠭᠤᠯᠪᠠ ᠃ ᠳᠡᠭᠡᠷ᠎ᠡ ᠬᠠᠭᠠᠰ ᠵᠢᠯ ᠳᠤ ᠪᠦᠬᠦ ᠠᠶᠢᠮᠠᠭ ᠤᠨ ᠪᠡᠯᠡ ᠣᠷᠣᠭᠤᠯᠤᠯᠲᠠ ᠡᠷᠬᠢᠯᠳᠡ ᠰᠠᠶᠢᠳᠠᠢ ᠪᠤᠯᠵᠦ᠂ ᠠᠵᠢᠯ ᠦᠢᠯᠡᠳᠪᠦᠷᠢᠯᠡᠯ ᠰᠡᠷᠭᠦᠭᠡᠭᠰᠡᠨ ᠨᠣᠷᠮ᠎ᠠ ᠲᠣᠭᠲᠠᠭᠤᠨ ᠢᠶᠠᠷ ᠲᠡᠭᠡᠭᠰᠢᠯᠡᠨ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠢᠯᠠᠰ ᠴᠡᠭ ᠤᠯᠠᠨ ᠢᠯᠡᠷᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 3 ᠰᠠᠷ᠎ᠠ ᠳᠠᠷᠠᠭᠠᠯᠠᠨ ᠪᠦᠬᠦ ᠣᠷᠣᠨ ᠳᠤ ᠲᠦᠷᠦᠬᠦᠯᠡᠪᠡ᠃     ᠳᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 76%᠎ ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 63.8 ᠵᠠᠭᠤᠨ ᠤ ᠨᠢᠬᠡᠴᠢ ᠪᠠᠷ ᠲᠡᠭᠡᠭᠰᠢᠯᠡᠵᠦ᠂ ᠪᠦᠬᠦ ᠣᠷᠣᠨ ᠤ ᠲᠡᠭᠰᠢᠳᠭᠡᠭᠰᠡᠨ ᠬᠢᠷᠢ ᠲᠦᠪᠰᠢᠨ ᠠᠴᠠ 98.3 ᠵᠠᠭᠤᠨ ᠤ ᠨᠢᠬᠡᠴᠢ ᠥᠨᠳᠥᠷ ᠪᠠᠶᠢᠵᠦ᠂ 4᠎ ᠠᠴᠠ 6 ᠰᠠᠷ᠎ᠠ ᠪᠣᠯᠲᠠᠯ᠎ᠠ ᠲᠤᠰ ᠲᠤᠰ 51.9%᠂ 43.9% ᠪᠠ 76%᠎ ᠪᠠᠷ ᠨᠡᠮᠡᠭᠳᠡᠵᠦ᠂ 3 ᠰᠠᠷ᠎ᠠ ᠲᠠᠷᠠᠭᠠᠯᠠᠨ ᠪᠦᠬᠦ ᠣᠷᠣᠨ ᠤ ᠲᠡᠷᠢᠭᠦᠨ ᠪᠠᠶᠢᠷᠢᠨ ᠳᠤ ᠣᠷᠣᠪᠠ᠃     ᠬᠢᠵᠢᠭ ᠤᠨ ᠪᠠᠶᠢᠳᠠᠯ ᠪᠦᠲᠦᠮᠵᠢᠲᠡᠢ ᠬᠤᠷᠢᠭᠯᠠᠬᠳᠠᠬᠤ ᠶᠢ ᠳᠠᠭᠠᠯᠳᠤᠨ᠂ ᠪᠦᠬᠦ ᠠᠶᠢᠮᠠᠭ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ ᠡᠳᠦᠷ ᠢᠷᠡᠬᠦᠶ᠎ᠡ ᠲᠡᠭᠡᠭᠰᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠡᠮᠬᠢ ᠲᠢᠭᠯᠢᠮ ᠲᠠᠢ ᠪᠠᠷ ᠪᠦᠲᠦᠭᠡᠨ ᠪᠠᠶᠢᠭᠤᠯᠤᠯᠲᠠ ᠪᠠᠨ ᠰᠡᠷᠬᠦᠬᠡᠵᠠᠢ᠃ ᠳᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠤᠨ 242 ᠪᠡᠯᠡ ᠣᠷᠣᠭᠤᠯᠤᠯᠲᠠ ᠶᠢᠨ ᠲᠥᠷᠥᠯ ᠵᠦᠢᠯ ᠪᠠ 60 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠦᠲᠦᠭᠡᠨ ᠪᠠᠶᠢᠭᠤᠯᠤᠯᠲᠠ ᠪᠠᠨ ᠰᠡᠷᠬᠦᠬᠡᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ 55.1%᠎ ᠳᠤ ᠬᠦᠷᠴᠠᠢ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠥᠨᠳᠥᠷ ᠨᠡᠮᠡᠭᠳᠡᠯ ᠤᠨ ᠭᠤᠣᠯ ᠬᠦᠳᠡᠯᠬᠡᠬᠦ ᠬᠦᠴᠦᠨ ᠪᠣᠯᠵᠤ᠂ ᠪᠦᠬᠦ ᠠᠶᠢᠮᠠᠭ ᠤᠨ ᠪᠦᠲᠦᠭᠡᠨ ᠪᠠᠶᠢᠭᠤᠯᠵᠦ ᠪᠠᠶᠢᠭ᠎ᠠ 5000 ᠲᠦᠮᠡᠨ ᠲᠥᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠲᠠ ᠲᠠᠢ ᠲᠥᠷᠥᠯ ᠵᠦᠢᠯ 112 ᠪᠠᠶᠢᠵᠦ᠂ ᠡᠬᠦᠨ ᠳᠤ 36 ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠨᠢ ᠪᠦᠬᠦ ᠪᠡᠯᠡ ᠣᠷᠣᠭᠤᠯᠤᠯᠲᠠ ᠪᠠ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 51.9% ᠪᠠ 70%᠎ ᠶᠢ ᠡᠵᠡᠯᠡᠵᠦ᠂ ᠲᠤᠰ ᠲᠤᠰ 84.9 ᠪᠠ 176.9 ᠵᠠᠭᠤᠨ ᠤ ᠨᠢᠭᠡᠴᠢ ᠶᠢ ᠲᠡᠶᠢᠴᠢᠯᠡᠪᠡ᠃     ᠳᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠤᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠪᠡᠯᠡ ᠣᠷᠣᠭᠤᠯᠤᠯᠲᠠ ᠶᠢᠨ ᠭᠢᠯᠠᠰ ᠴᠡᠭ ᠤᠯᠠᠨ ᠪᠠᠶᠢᠵᠦ᠂ ᠪᠦᠭᠦ ᠠᠶᠢᠮᠠᠬ ᠤᠨ ᠤᠯᠠᠠ  ᠬᠦᠷᠢᠶ᠎ᠠ ᠬᠡᠪᠴᠢᠶᠡᠨ ᠳᠠᠬᠢ ᠪᠡᠯᠡ ᠤᠷᠣᠭᠤᠯᠣᠯᠳᠠ ᠲᠦᠷᠬᠡᠠ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠷᠣᠠ ᠤ ᠡᠮᠦᠨ᠎ᠡ ᠡᠩᠨᠡᠭᠡᠨ ᠳᠤ ᠵᠢᠭᠰᠠᠭᠠᠭᠳᠠᠵᠠᠢ᠃ ᠠᠵᠣ ᠦᠢᠯᠠᠣᠠᠪᠤᠷᠢ ᠶᠢᠨ ᠪᠡᠯᠡ ᠤᠷᠣᠭᠤᠯᠣᠯᠳᠠ ᠳᠡᠭᠡᠳᠦ ᠬᠤᠷᠳᠤᠴᠠ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 171%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠷᠣᠠ ᠤ ᠡᠯ᠎ᠡ ᠠᠶᠢᠮᠠᠬ ᠬᠤᠲᠠ ᠶᠢᠨ ᠲᠡᠷᠢᠬᠦᠨ ᠳᠤ ᠤᠷᠤᠵᠠᠢ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 137.7%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ ᠳᠦᠷᠦᠭᠦᠯᠡᠪᠡ᠃ ᠪᠦᠬᠦ ᠠᠶᠢᠮᠠᠭ ᠤᠨ ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 11.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ ᠭᠤᠷᠪᠠᠳᠤᠭᠠᠷ ᠲᠤ ᠣᠷᠣᠵᠤ᠂ ᠪᠦᠬᠦ ᠣᠷᠣᠨ ᠤ ᠲᠡᠭᠰᠢᠳᠭᠡᠭᠰᠡᠨ ᠬᠢᠷᠢ ᠲᠦᠪᠰᠢᠨ ᠠᠴᠠ 25 ᠵᠠᠭᠤᠨ ᠤ ᠨᠢᠭᠡᠴᠢ ᠪᠠᠷ ᠥᠨᠳᠥᠷ ᠪᠣᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号