ᠡᠨᠡ ᠵᠢᠯ ᠠᠴᠠ ᠨᠠᠰᠢ᠂ ᠪᠦᠬᠦ ᠠᠶᠢᠮᠠᠭ ᠲᠠᠶᠠᠭᠠᠷ ᠨᠢᠭᠡ ᠳᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠠᠳᠬᠤᠨ᠂ ᠨᠦᠭᠦᠭᠡ ᠳᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ︽ᠵᠢᠷᠭᠤᠭ᠎ᠠ ᠶᠢ | ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠦᠷᠭᠡᠳᠭᠡᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠠᠰᠢᠭ ᠲᠠᠢ ᠠᠬᠢᠭᠤᠯᠪᠠ | ᠃ ᠳᠡᠭᠡᠷ᠎ᠡ ᠬᠠᠭᠠᠰ ᠵᠢᠯ ᠳᠤ ᠪᠦᠬᠦ ᠠᠶᠢᠮᠠᠭ ᠤᠨ ᠪᠡᠯᠡ ᠣᠷᠣᠭᠤᠯᠤᠯᠲᠠ ᠡᠷᠬᠢᠯᠳᠡ ᠰᠠᠶᠢᠳᠠᠢ ᠪᠤᠯᠵᠦ᠂ ᠠᠵᠢᠯ | ᠦᠢᠯᠡᠳᠪᠦᠷᠢᠯᠡᠯ ᠰᠡᠷᠭᠦᠭᠡᠭᠰᠡᠨ ᠨᠣᠷᠮ᠎ᠠ ᠲᠣᠭᠲᠠᠭᠤᠨ ᠢᠶᠠᠷ ᠲᠡᠭᠡᠭᠰᠢᠯᠡᠨ᠂ ᠭᠤᠣᠯᠳᠠᠯᠭ᠎ᠠ ᠲᠠᠢ ᠬᠦᠷᠢᠶ᠎ᠡ | ᠬᠡᠪᠴᠢᠶᠡᠨ ᠳᠤ ᠬᠢᠯᠠᠰ ᠴᠡᠭ ᠤᠯᠠᠨ ᠢᠯᠡᠷᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ 3 ᠰᠠᠷ᠎ᠠ ᠳᠠᠷᠠᠭᠠᠯᠠᠨ ᠪᠦᠬᠦ ᠣᠷᠣᠨ ᠳᠤ ᠲᠦᠷᠦᠬᠦᠯᠡᠪᠡ᠃ | ᠳᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 76% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ | 63.8 ᠵᠠᠭᠤᠨ ᠤ ᠨᠢᠬᠡᠴᠢ ᠪᠠᠷ ᠲᠡᠭᠡᠭᠰᠢᠯᠡᠵᠦ᠂ ᠪᠦᠬᠦ ᠣᠷᠣᠨ ᠤ ᠲᠡᠭᠰᠢᠳᠭᠡᠭᠰᠡᠨ ᠬᠢᠷᠢ ᠲᠦᠪᠰᠢᠨ ᠠᠴᠠ 98.3 | ᠵᠠᠭᠤᠨ ᠤ ᠨᠢᠬᠡᠴᠢ ᠥᠨᠳᠥᠷ ᠪᠠᠶᠢᠵᠦ᠂ 4 ᠠᠴᠠ 6 ᠰᠠᠷ᠎ᠠ ᠪᠣᠯᠲᠠᠯ᠎ᠠ ᠲᠤᠰ ᠲᠤᠰ 51.9%᠂ 43.9% ᠪᠠ | 76% ᠪᠠᠷ ᠨᠡᠮᠡᠭᠳᠡᠵᠦ᠂ 3 ᠰᠠᠷ᠎ᠠ ᠲᠠᠷᠠᠭᠠᠯᠠᠨ ᠪᠦᠬᠦ ᠣᠷᠣᠨ ᠤ ᠲᠡᠷᠢᠭᠦᠨ ᠪᠠᠶᠢᠷᠢᠨ ᠳᠤ ᠣᠷᠣᠪᠠ᠃ | ᠬᠢᠵᠢᠭ ᠤᠨ ᠪᠠᠶᠢᠳᠠᠯ ᠪᠦᠲᠦᠮᠵᠢᠲᠡᠢ ᠬᠤᠷᠢᠭᠯᠠᠬᠳᠠᠬᠤ ᠶᠢ ᠳᠠᠭᠠᠯᠳᠤᠨ᠂ ᠪᠦᠬᠦ ᠠᠶᠢᠮᠠᠭ ᠤᠨ ᠠᠵᠢᠯ | ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ ᠡᠳᠦᠷ ᠢᠷᠡᠬᠦᠶ᠎ᠡ ᠲᠡᠭᠡᠭᠰᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ | ᠡᠮᠬᠢ ᠲᠢᠭᠯᠢᠮ ᠲᠠᠢ ᠪᠠᠷ ᠪᠦᠲᠦᠭᠡᠨ ᠪᠠᠶᠢᠭᠤᠯᠤᠯᠲᠠ ᠪᠠᠨ ᠰᠡᠷᠬᠦᠬᠡᠵᠠᠢ᠃ ᠳᠡᠭᠡᠷ᠎ᠡ ᠬᠠᠭᠠᠰ ᠵᠢᠯ ᠳᠤ᠂ ᠪᠦᠬᠦ | ᠠᠶᠢᠮᠠᠭ ᠤᠨ 242 ᠪᠡᠯᠡ ᠣᠷᠣᠭᠤᠯᠤᠯᠲᠠ ᠶᠢᠨ ᠲᠥᠷᠥᠯ ᠵᠦᠢᠯ ᠪᠠ 60 ᠭᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠪᠦᠲᠦᠭᠡᠨ ᠪᠠᠶᠢᠭᠤᠯᠤᠯᠲᠠ ᠪᠠᠨ ᠰᠡᠷᠬᠦᠬᠡᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ | 55.1% ᠳᠤ ᠬᠦᠷᠴᠠᠢ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠥᠨᠳᠥᠷ | ᠨᠡᠮᠡᠭᠳᠡᠯ ᠤᠨ ᠭᠤᠣᠯ ᠬᠦᠳᠡᠯᠬᠡᠬᠦ ᠬᠦᠴᠦᠨ ᠪᠣᠯᠵᠤ᠂ ᠪᠦᠬᠦ ᠠᠶᠢᠮᠠᠭ ᠤᠨ ᠪᠦᠲᠦᠭᠡᠨ ᠪᠠᠶᠢᠭᠤᠯᠵᠦ ᠪᠠᠶᠢᠭ᠎ᠠ 5000 | ᠲᠦᠮᠡᠨ ᠲᠥᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠲᠠ ᠲᠠᠢ ᠲᠥᠷᠥᠯ ᠵᠦᠢᠯ 112 ᠪᠠᠶᠢᠵᠦ᠂ ᠡᠬᠦᠨ ᠳᠤ | 36 ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠨᠢ ᠪᠦᠬᠦ ᠪᠡᠯᠡ | ᠣᠷᠣᠭᠤᠯᠤᠯᠲᠠ ᠪᠠ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 51.9% ᠪᠠ 70% ᠶᠢ ᠡᠵᠡᠯᠡᠵᠦ᠂ | ᠲᠤᠰ ᠲᠤᠰ 84.9 ᠪᠠ 176.9 ᠵᠠᠭᠤᠨ ᠤ ᠨᠢᠭᠡᠴᠢ ᠶᠢ ᠲᠡᠶᠢᠴᠢᠯᠡᠪᠡ᠃ | ᠳᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠤᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠪᠡᠯᠡ | ᠣᠷᠣᠭᠤᠯᠤᠯᠲᠠ ᠶᠢᠨ ᠭᠢᠯᠠᠰ ᠴᠡᠭ ᠤᠯᠠᠨ ᠪᠠᠶᠢᠵᠦ᠂ ᠪᠦᠭᠦ ᠠᠶᠢᠮᠠᠬ ᠤᠨ ᠤᠯᠠᠠ ᠬᠦᠷᠢᠶ᠎ᠠ ᠬᠡᠪᠴᠢᠶᠡᠨ ᠳᠠᠬᠢ ᠪᠡᠯᠡ | ᠤᠷᠣᠭᠤᠯᠣᠯᠳᠠ ᠲᠦᠷᠬᠡᠠ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠷᠣᠠ ᠤ ᠡᠮᠦᠨ᠎ᠡ ᠡᠩᠨᠡᠭᠡᠨ ᠳᠤ | ᠵᠢᠭᠰᠠᠭᠠᠭᠳᠠᠵᠠᠢ᠃ ᠠᠵᠣ ᠦᠢᠯᠠᠣᠠᠪᠤᠷᠢ ᠶᠢᠨ ᠪᠡᠯᠡ ᠤᠷᠣᠭᠤᠯᠣᠯᠳᠠ ᠳᠡᠭᠡᠳᠦ ᠬᠤᠷᠳᠤᠴᠠ ᠪᠠᠷ ᠨᠡᠮᠡᠭᠳᠡᠵᠦ᠂ | ᠠᠳᠠᠯᠢ ᠬᠤᠭᠤᠴᠠᠭᠠᠨ ᠤ ᠬᠢ ᠠᠴᠠ 171% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠷᠣᠠ ᠤ | ᠡᠯ᠎ᠡ ᠠᠶᠢᠮᠠᠬ ᠬᠤᠲᠠ ᠶᠢᠨ ᠲᠡᠷᠢᠬᠦᠨ ᠳᠤ ᠤᠷᠤᠵᠠᠢ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 137.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ | ᠳᠦᠷᠦᠭᠦᠯᠡᠪᠡ᠃ ᠪᠦᠬᠦ ᠠᠶᠢᠮᠠᠭ ᠤᠨ ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠪᠦᠬᠦ ᠣᠷᠣᠨ ᠳᠤ ᠭᠤᠷᠪᠠᠳᠤᠭᠠᠷ ᠲᠤ ᠣᠷᠣᠵᠤ᠂ ᠪᠦᠬᠦ ᠣᠷᠣᠨ ᠤ ᠲᠡᠭᠰᠢᠳᠭᠡᠭᠰᠡᠨ ᠬᠢᠷᠢ ᠲᠦᠪᠰᠢᠨ ᠠᠴᠠ 25 | ᠵᠠᠭᠤᠨ ᠤ ᠨᠢᠭᠡᠴᠢ ᠪᠠᠷ ᠥᠨᠳᠥᠷ ᠪᠣᠯᠪᠠ᠃ |