ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠵᠦ ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠶ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2020/8/28
     ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ 2020  ᠣᠨ ᠤ  ᠨᠠᠮᠤᠷ ᠤᠨ  ᠤᠯᠠᠷᠢᠯ ᠤᠨ ᠰᠤᠷᠤᠯᠭ᠎ᠠ  ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ  ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂  ᠰᠤᠷᠭᠠᠨ  ᠬᠥᠮᠦᠵᠢᠯ  ᠵᠢᠭᠠᠨ ᠰᠤᠷᠭᠠᠯᠲᠠ ᠶᠢᠨ ᠡᠮᠬᠢ ᠵᠢᠷᠤᠮ ᠎ ᠢ ᠪᠦᠬᠦ ᠲᠠᠯ᠎ᠠ ᠪᠠᠷ ᠰᠡᠷᠭᠦᠭᠡᠵᠦ᠂ ᠰᠤᠷᠭᠠᠭᠤᠯᠢ ᠶᠢᠨ  ᠬᠦᠷᠢᠶᠡᠨ ᠤ  ᠬᠢᠵᠢᠭ ᠢ  ᠰᠡᠷᠭᠡᠶᠢᠯᠡᠨ ᠬᠤᠷᠢᠬᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃         ᠮᠡᠳᠡᠭᠳᠡᠯ ᠳᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠤᠬᠡᠳ ᠢ ᠠᠰᠠᠷᠠᠨ ᠬᠦᠮᠦᠵᠢᠬᠦᠯᠬᠦ ᠪᠠᠶᠢᠭᠤᠯᠤᠮᠵᠢ ᠶᠢᠨ ᠨᠠᠮᠤᠷ ᠤᠨ ᠤᠯᠠᠷᠢᠯ ᠪᠠ  ᠡᠪᠦᠯ ᠤᠨ ᠤᠯᠠᠷᠢᠯ ᠤᠨ ᠰᠢᠨ᠎ᠡ‌‍ᠲ᠋ᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ  ᠮᠡᠷᠭᠡᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠤᠨ ᠢᠶᠠᠨ ᠬᠢᠵᠢᠭ ᠢ ᠰᠡᠷᠭᠡᠶᠢᠯᠡᠨ ᠬᠤᠷᠢᠬᠯᠠᠵᠤ ᠪᠠᠶᠢᠭ᠎ᠠ ᠪᠠᠶᠢᠳᠠᠯ ᠪᠣᠯᠤᠨ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠭᠠᠭᠤᠯᠢ ᠡᠬᠢᠯᠡᠬᠦ ᠠᠵᠢᠯ ᠤᠨ ᠲᠥᠰᠦᠯ ᠢ  ᠢᠳᠡᠪᠬᠢᠲᠡᠶ  ᠪᠥᠭᠡᠳ  ᠯᠠᠪᠳᠠᠭᠤᠨ ᠢᠶᠠᠷ ᠲᠣᠭᠲᠠᠭᠠᠬᠤ ᠬᠡᠷᠡᠭᠳᠡᠢ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠤᠷᠭᠠᠭᠤᠯᠢ ᠶᠢᠨ  ᠵᠠᠬᠢᠷᠤᠯ ︵ᠴᠡᠴᠡᠷᠯᠢᠭ ᠤᠨ ᠳᠠᠷᠤᠭ᠎ᠠ︶ ᠨᠢᠭᠡᠳᠦᠭᠡᠷ  ᠬᠠᠷᠢᠭᠤᠴᠠᠯᠭ᠎ᠠ ᠲᠠᠢ  ᠬᠦᠮᠦᠨ  ᠪᠤᠯᠤᠬᠰᠠᠨ  ᠎ ᠤ  ᠬᠤᠪᠢ ᠳᠤ᠂  ᠪᠠᠭᠰᠢ ᠠᠵᠢᠯᠳᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠰᠤᠷᠭᠠᠭᠤᠯᠢ ᠡᠬᠢᠯᠡᠬᠦ ᠪᠡᠯᠡᠳᠬᠡᠯ ᠢ ᠰᠠᠶᠢᠲᠤᠷ ᠬᠢᠵᠦ᠂  ᠪᠠᠭᠰᠢ ᠰᠤᠷᠤᠬᠴᠢ ᠠᠵᠢᠯᠳᠠᠨ‌ᠠᠵᠢᠯᠴᠢᠨ ᠤ ᠡᠷᠡᠭᠦᠯ ᠮᠡᠨᠳᠤ ᠶᠢᠨ ᠰᠢᠯᠭᠠᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ  ᠰᠣᠭᠤᠭ ᠢ  ᠪᠦᠬᠦ  ᠲᠠᠯ᠎ᠠ ᠪᠠᠷ  ᠰᠢᠭᠰᠢᠨ  ᠪᠠᠶᠢᠴᠠᠭᠠᠵᠤ᠂  ︽ᠣᠷᠣᠨ‌‍ᠲ᠋ᠤᠭᠤᠷᠢᠭ᠂ ᠳᠡᠰ ᠳᠠᠪᠬᠤᠷᠭ᠎ᠠ᠂ ᠴᠠᠭ ᠬᠤᠭᠤᠴᠠᠭ᠎ᠠ᠂ ᠤᠷᠬᠢᠯ ᠤᠨ ᠬᠤᠭᠤᠴᠠᠭ᠎ᠠ ᠶᠢ ᠵᠦᠷᠢᠬᠦᠯᠦᠨ ᠬᠢᠴᠢᠶᠡᠯᠯᠡᠬᠦ︾ ︽ᠬᠠᠷᠢᠶ᠎ᠠ ᠭᠠᠵᠠᠷ ᠲᠠᠭᠠᠨ ᠨᠢᠭᠡᠳᠦᠯᠲᠡᠶ ᠲᠥᠯᠥᠪᠯᠡᠬᠦ︾ ᠵᠡᠷᠭᠡ ᠵᠠᠷᠴᠢᠮ ᠶᠣᠰᠣᠭᠠᠷ᠂ 2020 ᠣᠨ ᠤ ᠨᠠᠮᠤᠷ ᠤᠨ  ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠵᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠬᠦ ᠬᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号