ᠡᠨᠡ ᠵᠢᠯ ᠤᠨ ᠲᠡᠭᠡᠷ᠎ᠡ ᠬᠠᠭᠠᠰ ᠵᠢᠯ ᠳᠤ ᠰᠢᠨ᠎ᠡ ᠪᠠᠷ ᠲᠠᠩᠰᠠᠯᠠᠵᠦ ᠲᠡᠮᠳᠡᠭᠯᠡᠭᠦᠯᠦᠭᠰᠡᠨ ᠡᠯ᠎ᠠ ᠲᠦᠷᠦᠯ ᠤᠨ | ᠵᠠᠬ᠎ᠠ ᠲᠡᠯᠬᠡᠬᠦᠷ ᠤᠨ ᠭᠤᠤᠯ ᠴᠤᠭᠴᠠ ᠨᠡᠶᠢᠳᠡ 7400 ᠡᠷᠦᠬᠡ ᠪᠠᠶᠢᠵᠦ᠂ ᠲᠠᠩᠰᠠᠯᠠᠭᠤᠯᠤᠭᠰᠠᠨ ᠪᠡᠯᠡ | ᠬᠦᠷᠦᠩᠬᠡ ᠨᠢ 69.46 ᠳ᠋ᠦᠩᠰᠢᠭᠤᠷ ᠲᠦᠭᠦᠷᠢᠭ ᠬᠦᠷᠴᠦ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ | ᠶᠡᠷᠦᠩᠬᠡᠢ ᠬᠡᠮᠵᠢᠶ᠎ᠡ 12.78 ᠲᠦᠮᠡᠨ ᠡᠷᠦᠬᠡ ᠬᠦᠷᠴᠦ᠂ ᠲᠠᠩᠰᠠᠯᠠᠭᠤᠯᠤᠭᠰᠠᠨ ᠪᠡᠯᠡ ᠬᠦᠷᠦᠩᠬᠡ ᠨᠢ 2294.78 | ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 3.88% ᠪᠠ 9. | 35% ᠪᠠᠷ ᠨᠡᠮᠡᠭᠳᠡᠭᠰᠡᠨ ᠪᠠᠶᠢᠨ᠎ᠠ᠃ | ᠡᠨᠡ ᠵᠢᠯ ᠠᠴᠠ ᠨᠠᠰᠢ᠂ ᠮᠠᠨ ᠤ ᠠᠶᠢᠮᠠᠭ ᠵᠠᠬ᠎ᠠ ᠲᠡᠯᠭᠡᠭᠦᠷ ᠤᠨ ᠭᠤᠤᠯ ᠴᠤᠭᠴᠠ ᠶᠢ ᠬᠠᠮᠠᠭᠠᠯᠠᠬᠤ ᠪᠠᠷ | ᠭᠠᠷᠳᠠᠴᠠ ᠪᠤᠯᠭᠠᠨ᠂ ᠰᠢᠷᠢᠰ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠷ ᠵᠠᠬ᠎ᠠ ᠲᠡᠯᠬᠡᠬᠦᠷ ᠤᠨ ᠭᠤᠤᠯ | ᠴᠤᠭᠴᠠ ᠶᠢᠨ ᠪᠤᠳᠠᠳᠤ ᠬᠦᠴᠢᠷᠳᠡᠯ ᠢ ᠰᠢᠢᠳᠪᠦᠷᠢᠯᠡᠵᠦ᠂ ᠬᠦᠭᠵᠢᠯᠲᠠ ᠶᠢ ᠲᠤᠭᠳᠠᠪᠤᠷᠢᠵᠢᠭᠤᠯᠤᠨ᠂ ᠲᠤᠲᠤᠭᠠᠲᠤ | ᠬᠦᠳᠡᠯᠬᠡᠬᠦ ᠬᠦᠴᠦᠨ ᠢ ᠨᠢ ᠬᠦᠭᠵᠢᠬᠡᠵᠠᠢ᠃ | ᠵᠠᠬ᠎ᠠ ᠲᠡᠯᠬᠡᠬᠦᠷ ᠤᠨ ᠭᠤᠤᠯ ᠴᠤᠭᠴᠠ ᠳᠤ ᠦᠢᠯᠡᠴᠢᠯᠡᠭᠡ ᠬᠠᠩᠭᠠᠬᠤ ᠲᠠᠯ᠎ᠠ ᠪᠠᠷ᠂ ᠮᠠᠨ ᠤ ᠠᠶᠢᠮᠠᠭ ᠤᠨ | ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠠᠵᠢᠯ ᠦᠢᠯᠡᠳᠪᠦᠷᠢᠯᠡᠯ ᠰᠡᠷᠬᠦᠬᠡᠬᠦ ᠶᠢ ᠲᠡᠮᠵᠢᠬᠦ ᠠᠷᠭ᠎ᠠ | ᠬᠡᠮᠵᠢᠶ᠎ᠡ ᠨᠦᠭᠦᠳ︾ ᠢ ᠲᠤᠭᠳᠠᠭᠠᠨ ᠬᠡᠷᠡᠭᠵᠢᠬᠦᠯᠵᠦ᠂ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ | ᠴᠤᠭᠴᠠ ᠶᠢᠨ ᠦᠢᠯᠡᠳᠪᠦᠷᠢᠯᠡᠯ ᠡᠵᠡᠩᠨᠡᠯᠳᠡ ᠪᠠᠨ ᠰᠡᠷᠭᠦᠭᠡᠬᠦ ᠶᠢ ᠪᠦᠬᠦ ᠬᠦᠴᠦᠨ ᠢᠶᠠᠷ ᠲᠡᠮᠵᠢᠵᠦ᠂ ᠤᠳᠤᠬᠠᠨ | ᠪᠤᠯᠳᠠᠯ᠎ᠠ ᠪᠦᠬᠦ ᠠᠶᠢᠮᠠᠭ ᠤᠨ 141 ᠢᠳᠡᠭᠡᠨ ᠤ ᠦᠢᠯᠡᠳᠪᠦᠷᠢᠯᠡᠯ ᠤᠨ ᠠᠵᠦ ᠠᠬᠤᠢᠢᠯᠠᠯ᠂ 1687 ᠢᠳᠡᠭᠡᠨ ᠤ | ᠦᠢᠯᠡᠳᠪᠦᠷᠢᠯᠡᠯ ᠤᠨ ᠵᠢᠵᠢᠭ ᠦᠢᠯᠡᠳᠪᠦᠷᠢ ᠠᠵᠢᠯ ᠦᠢᠯᠡᠳᠪᠦᠷᠢᠯᠡᠯ ᠢᠶᠠᠨ ᠰᠡᠷᠬᠦᠬᠡᠵᠦ᠂ ᠪᠦᠬᠦ ᠠᠶᠢᠮᠠᠭ ᠤᠨ 903 | ᠡᠮ ᠤᠨ ᠵᠦᠢᠯ ᠤᠨ ᠡᠵᠡᠩᠨᠡᠯᠲᠡ ᠶᠢᠨ ᠠᠵᠦ ᠠᠬᠤᠢᠢᠯᠠᠯ ᠡᠵᠡᠩᠨᠡᠯᠳᠡ ᠪᠠᠨ ᠰᠡᠷᠬᠦᠬᠡᠵᠦ᠂ ᠡᠵᠡᠩᠨᠡᠯᠳᠡ ᠪᠠᠨ | ᠰᠡᠷᠬᠦᠬᠡᠭᠰᠡᠨ ᠨᠤᠷᠮ᠎ᠠ 100% ᠳᠤ ᠬᠦᠷᠴᠠᠢ᠃ | ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠵᠤ᠂ ᠴᠢᠬᠤᠯᠠ ᠶᠡᠭᠡ | ᠠᠶᠦᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠠᠨ ᠴᠢᠩᠭᠠᠳᠬᠠᠵᠤ᠂ ᠡᠳᠦᠷ ᠲᠤᠳᠤᠮ ᠤᠨ ᠬᠢᠨᠠᠨ ᠬᠠᠮᠢᠶᠠᠷᠤᠯᠳᠠ | ᠴᠠᠭᠳᠠᠨ ᠪᠠᠶᠢᠴᠠᠭᠠᠯᠳᠠ᠂ ᠰᠤᠭᠤᠴᠢᠨ ᠪᠠᠶᠢᠴᠠᠭᠠᠯᠳᠡ ᠶᠢᠨ ᠡᠷᠴᠢᠮ ᠢᠶᠠᠨ ᠴᠢᠩᠭᠠᠷᠠᠭᠤᠯᠤᠨ᠂ ᠬᠢᠵᠢᠭ ᠢ ᠰᠡᠷᠭᠡᠶᠢᠯᠡᠬᠦ | ᠡᠳ᠋ ᠪᠤᠳᠠᠰ ᠪᠠ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠠᠷᠠᠭ᠎ᠠ ᠲᠠᠸᠠᠷ ᠤᠨ ᠦᠨ᠎ᠡ ᠬᠠᠨᠭ᠍ᠰᠢ ᠶᠢᠨ ᠬᠢᠨᠠᠨ | ᠬᠠᠮᠢᠶᠠᠷᠤᠯᠳᠠ ᠪᠠᠨ ᠴᠢᠩᠭᠠᠳᠬᠠᠵᠤ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ | ᠵᠠᠬ᠎ᠠ ᠲᠡᠯᠭᠡᠬᠦᠷ ᠤᠨ ᠡᠮᠬᠢ ᠲᠢᠭᠯᠢᠮ ᠢ ᠬᠠᠮᠠᠭᠠᠯᠠᠵᠤ᠂ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ | ᠨᠦᠯᠦᠭᠡᠯᠡᠭᠲᠡᠬᠦ ᠦᠭᠡᠢ ᠪᠠᠶᠢᠬᠤ ᠶᠢ ᠪᠠᠳᠤᠯᠠᠵᠠᠢ᠃ ᠤᠳᠤᠬᠠᠨ ᠪᠤᠯᠳᠠᠯ᠎ᠠ᠂ ᠡᠯ᠎ᠡ ᠲᠦᠷᠦᠯ ᠤᠨ ᠵᠠᠬ᠎ᠠ ᠲᠡᠯᠭᠡᠬᠦᠷ ᠤᠨ | ᠭᠤᠤᠯ ᠴᠤᠭᠴᠠ ᠶᠢ 2.5 ᠲᠦᠮᠡᠨ ᠡᠷᠦᠭᠡ ᠤᠳᠠᠭ᠎ᠠ ᠪᠠᠶᠢᠴᠠᠭᠠᠵᠤ᠂ ᠵᠠᠬ᠎ᠠ ᠲᠡᠯᠭᠡᠬᠦᠷ ᠤᠨ ᠬᠢᠨᠠᠨ | ᠬᠠᠮᠢᠶᠠᠷᠤᠯᠳᠠ ᠶᠢᠨ ᠬᠦᠷᠢᠶ᠎ᠠ ᠭᠡᠪᠴᠢᠶᠠᠨ ᠳᠠᠬᠢ ᠬᠠᠤᠯᠢ ᠠᠴᠠ ᠵᠦᠷᠢᠴᠡᠭᠰᠡᠨ 161 ᠭᠡᠷᠡᠭ ᠢ ᠪᠠᠶᠢᠴᠠᠭᠠᠨ | ᠰᠢᠢᠳᠪᠤᠷᠢᠯᠡᠵᠡᠢ᠃ | ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠲᠡ ᠳᠤ ᠬᠦᠴᠦᠨ ᠨᠡᠮᠡᠷᠢᠯᠡᠵᠤ᠂ ᠪᠠᠷᠢᠮᠵᠢᠶ᠎ᠠ ᠶᠢ | ᠲᠡᠭᠡᠭᠰᠢᠯᠡᠬᠦᠯᠬᠦ᠂ ᠵᠠᠭᠤᠨ ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠲᠡ ᠳᠤ ᠦᠢᠯᠡᠴᠢᠯᠡᠬᠦ᠂ ︽ᠦᠪᠦᠷ | ᠮᠤᠩᠭᠤᠯ︾ ᠤᠨ ᠨᠡᠷᠡᠳᠤ ᠲᠠᠸᠠᠷ ᠤᠨ ᠲᠡᠮᠳᠡᠭ ᠢᠶᠠᠷ ᠵᠦᠪᠰᠢᠶᠡᠷᠡᠬᠦᠯᠬᠦ ᠶᠢ ᠠᠬᠢᠭᠤᠯᠬᠤ᠂ ᠦᠨᠳᠤᠰᠤᠲᠡᠨ ᠤ | ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ ᠢ ᠬᠦᠭᠵᠢᠬᠦᠯᠬᠦ ︽ᠲᠦᠷᠪᠡᠨ ᠶᠡᠭᠡ ᠠᠵᠢᠯᠯᠠᠭ᠎ᠠ︾ ᠶᠢ | ᠦᠷᠨᠢᠬᠦᠯᠵᠤ᠂ ᠮᠠᠨ ᠤ ᠠᠶᠢᠮᠠᠭ ᠤᠨ ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠳᠡ ᠳᠤ ᠦᠢᠯᠡᠴᠢᠯᠡᠭᠡ ᠪᠠ | ᠲᠡᠮᠵᠢᠯᠭᠡ ᠬᠠᠩᠭᠠᠵᠠᠢ᠃ ᠡᠨᠡ ᠵᠢᠯ ᠠᠴᠠ ᠨᠠᠰᠢ᠂ ︽ᠰᠦᠨᠢᠳ ᠬᠤᠤᠰ ᠪᠦᠬᠦᠲᠦ ᠲᠡᠮᠡᠭᠡ︾ ᠭᠠᠵᠠᠷ ᠵᠦᠢ ᠶᠢᠨ | ᠢᠯᠡᠳᠭᠡᠮᠵᠢᠳᠤ ᠭᠡᠷᠡᠴᠢ ᠶᠢᠨ ᠲᠡᠸᠠᠷ ᠤᠨ ᠲᠡᠮᠳᠡᠭ ᠢ ᠠᠮᠵᠢᠯᠳᠠᠲᠠᠢ ᠲᠠᠩᠰᠠᠯᠠᠭᠤᠯᠵᠤ᠂ ᠮᠠᠨ ᠤ ᠠᠶᠢᠮᠠᠭ ᠤᠳᠤ | ᠨᠢᠭᠡᠨᠲᠡ 18 ᠭᠠᠵᠠᠷ ᠵᠦᠢ ᠶᠢᠨ ᠢᠯᠡᠳᠭᠡᠮᠵᠢᠳᠤ ᠭᠡᠷᠡᠴᠢ ᠶᠢᠨ ᠲᠡᠸᠠᠷ ᠤᠨ ᠲᠡᠮᠳᠡᠭ ᠲᠠᠢ ᠪᠤᠯᠵᠤ᠂ ᠶᠡᠷᠦᠩᠭᠡᠢ | ᠭᠡᠮᠵᠢᠶ᠎ᠠ ᠨᠢ ᠦᠪᠡᠷᠲᠡᠭᠡᠨ ᠵᠠᠰᠠᠬᠤ ᠤᠷᠤᠨ ᠤ ᠶᠡᠷᠦᠩᠭᠡᠢ ᠭᠡᠮᠵᠢᠶ᠎ᠠ ᠶᠢᠨ 14% ᠶᠢ ᠡᠵᠡᠯᠡᠪᠡ︔ ᠨᠢᠭᠡᠲᠦᠭᠡᠷ | ᠤᠯᠠᠷᠢᠯ ᠳᠤ 71 ᠵᠦᠢᠯ ᠤᠨ ᠲᠤᠰᠬᠠᠢ ᠠᠰᠢᠭ ᠤᠨ ᠡᠷᠭᠡ ᠤᠯᠵᠤ᠂ ᠡᠬᠦᠨ ᠳᠤ ᠡᠬᠦᠳᠤᠨ ᠪᠦᠲᠦᠭᠡᠯᠲᠡ ᠶᠢᠨ | ᠲᠤᠰᠬᠠᠢ ᠠᠰᠢᠭ ᠤᠨ ᠡᠷᠭᠡ ᠤᠯᠤᠭᠰᠠᠨ ᠨᠢ 3 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 200% ᠪᠠᠷ ᠨᠡᠮᠡᠭᠲᠡᠵᠠᠢ᠃ ᠡᠬᠦᠨ ᠤ ᠬᠠᠮᠳᠤ᠂ ᠦᠨᠳᠤᠰᠤᠲᠡᠨ ᠤ ᠤᠯᠠᠮᠵᠢᠯᠠᠯᠳᠤ ᠴᠠᠭᠠᠨ ᠢᠳᠡᠭᠡᠨ ᠤ ᠠᠵᠤ | ᠦᠢᠯᠡᠰ ᠤᠨ ᠬᠦᠭᠵᠢᠯᠲᠡ ᠶᠢ ᠢᠳᠡᠪᠬᠢᠲᠡᠢ ᠠᠬᠢᠭᠤᠯᠵᠤ᠂ ᠤᠳᠤᠬᠠᠨ ᠪᠤᠯᠳᠠᠯ᠎ᠠ ᠮᠠᠨ ᠤ ᠠᠶᠢᠮᠠᠭ ᠤᠨ 29 ᠵᠢᠱᠢᠶ᠎ᠠ | ᠦᠵᠡᠬᠦᠯᠬᠦ ᠲᠦᠷᠦᠯ ᠵᠦᠢᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠲᠡᠯᠭᠡᠬᠦᠷ ᠤᠨ ᠬᠢᠨᠠᠨ | ᠬᠠᠮᠢᠶᠠᠷᠤᠯᠳᠠ ᠶᠢᠨ ᠲᠤᠪᠴᠢᠶᠠᠨ ᠠᠴᠠ ᠴᠤᠬᠤᠯᠠᠪᠤᠷᠢᠯᠠᠭᠰᠠᠨ ᠠᠩᠬᠠᠳᠤᠭᠠᠷ ᠪᠦᠯᠦᠭ ᠤᠨ ᠲᠤᠷᠰᠢᠯᠳᠠ ᠶᠢᠨ ᠴᠡᠭ ᠤᠨ | ᠵᠢᠱᠢᠶ᠎ᠠ ᠦᠵᠡᠬᠦᠯᠬᠦ ᠨᠠᠷᠠᠰ ᠲᠤ ᠰᠤᠩᠭᠤᠭᠳᠠᠨ ᠤᠷᠤᠵᠤ᠂ ᠪᠦᠬᠦ ᠠᠶᠢᠮᠠᠭ ᠤᠨ 5 ᠬᠤᠰᠢᠭᠤ ᠰᠢᠶᠠᠨ ᠬᠤᠳᠠ ᠶᠢᠨ | 9 ᠲᠤᠮᠤ ᠲᠤᠮᠳᠠ ᠭᠡᠯᠪᠡᠷᠢ ᠶᠢᠨ ᠬᠠᠮ ᠲᠡᠯᠭᠡᠬᠦᠷ ᠦᠨᠳᠤᠰᠤᠲᠡᠨ ᠤ ᠤᠯᠠᠮᠵᠢᠯᠠᠯᠳᠤ ᠴᠠᠭᠠᠨ ᠢᠳᠡᠭᠡ ᠪᠤᠷᠤᠯᠠᠭᠤᠯᠬᠤ | ᠲᠤᠰᠬᠠᠢ ᠯᠠᠩᠬᠦᠢ ᠲᠤᠬᠢᠷᠠᠭᠤᠯᠵᠤ᠂ 2 ᠠᠵᠤ ᠠᠬᠤᠢᠢᠯᠠᠯ᠂ 23 ᠤᠯᠠᠮᠵᠢᠯᠠᠯᠳᠤ ᠴᠠᠭᠠᠨ ᠢᠳᠡᠭᠡᠨ ᠤ ᠵᠢᠵᠢᠭ | ᠦᠢᠯᠡᠳᠪᠤᠷᠢ ᠬᠠᠮ ᠲᠡᠯᠭᠡᠬᠦᠷ ᠲᠤ ᠤᠷᠤᠵᠤ᠂ ᠨᠡᠶᠢᠲᠡ 20 ᠭᠠᠷᠦᠢ ᠵᠦᠢᠯ ᠤᠨ ᠪᠦᠲᠦᠭᠡᠭᠲᠡᠬᠦᠨ ᠬᠠᠩᠭᠠᠨ | ᠪᠤᠷᠤᠯᠠᠭᠤᠯᠵᠥ ᠪᠠᠶᠢᠨ᠎ᠠ᠃ |