ᠲᠡᠭᠡᠷ᠎ᠡ ᠬᠠᠭᠠᠰ ᠵᠢᠯ ᠳᠤ ᠮᠠᠨ ᠤ ᠠᠶᠢᠮᠠᠭ ᠡᠯ᠎ᠠ ᠲᠦᠷᠦᠯ ᠤᠨ ᠨᠦᠬᠦᠪᠦᠷᠢ ᠮᠦᠩᠬᠦ ᠶᠢ 21.23 ᠳ᠋ᠦᠩᠰᠢᠭᠤᠷ ᠲᠦᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2020/8/31
    ᠡᠨᠡ ᠵᠢᠯ ᠠᠴᠠ ᠨᠠᠰᠢ᠂ ᠥᠷᠢᠰᠥᠯᠳᠦᠭᠡᠨ ᠪᠠ ᠳᠠᠷᠤᠯᠲᠠ ᠶᠢᠨ ᠡᠮᠦᠨ᠎ᠡ᠂ ᠮᠠᠨ ᠤ ᠠᠶᠢᠮᠠᠭ ᠠᠵᠢᠯ ᠤᠨ ᠰᠡᠳᠬᠢᠮᠵᠢ ᠪᠠᠨ ᠢᠳᠡᠪᠬᠢᠲᠡᠶ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠯ᠎ᠠ ᠲᠠᠯ᠎ᠠ ᠶᠢᠨ ᠠᠵᠢᠯ ᠢᠶᠠᠨ ᠦᠷᠨᠢᠬᠦᠯᠬᠦ ᠶᠢ ᠵᠡᠷᠭᠡ ᠪᠠᠷ ᠠᠳᠬᠤᠬᠤ ᠵᠠᠷᠴᠢᠮ ᠢᠶᠠᠷ ᠡᠯ᠎ᠡ ᠵᠦᠢᠯ ᠤᠨ ᠠᠵᠢᠯ ᠎ ᠢᠶᠠᠨ ᠵᠦᠶ ᠵᠣᠬᠢᠰᠲᠠᠶ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠲᠤᠯᠠᠵᠤ᠂ ᠬᠢᠵᠢᠭ ᠤᠨ ᠪᠠᠶᠢᠳᠠᠯ ᠠᠴᠠ ᠪᠤᠯᠤᠭᠰᠠᠨ ᠨᠦᠯᠦᠭᠡ ᠶᠢ ᠪᠦᠬᠦ ᠬᠦᠴᠦᠨ ᠢᠶᠠᠷ ᠪᠠᠭᠠᠰᠬᠠᠵᠠᠢ᠃ ᠲᠡᠭᠡᠷ᠎ᠡ ᠬᠠᠭᠠᠰ ᠵᠢᠯ ᠳᠤ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠠᠮᠢᠳᠤᠷᠠᠯ ᠨᠢ ᠤᠨᠴᠠ ᠬᠦᠴᠢᠷᠳᠡᠯᠲᠠᠢ ᠡᠳᠡᠭᠡᠳ᠂ ᠦᠨᠦᠴᠢᠨ ᠵᠡᠮᠳᠡᠭ ᠵᠢᠴᠢ 77 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠵᠡᠷᠭᠡ 14 ᠲᠦᠮᠡ ᠭᠠᠷᠤᠢ ᠭᠤᠤᠯᠳᠠᠯᠭ᠎ᠠ ᠲᠠᠢ ᠬᠦᠮᠦᠰ ᠲᠤ ᠡᠯ᠎ᠠ ᠵᠦᠢᠯ ᠤᠨ ᠨᠦᠬᠦᠪᠦᠷᠢ ᠮᠦᠩᠬᠦ᠂ ᠠᠮᠢᠳᠤᠷᠠᠯ ᠤᠨ ᠨᠦᠬᠦᠪᠦᠷᠢ᠂ ᠠᠰᠠᠷᠠᠨ ᠬᠠᠷᠠᠭᠠᠯᠵᠠᠬᠤ ᠮᠦᠩᠬᠦ᠂ ᠨᠡᠮᠡᠬᠦᠷᠢ ᠵᠡᠷᠭᠡ ᠶᠢ ᠨᠡᠶᠢᠳᠡ 21.23 ᠳ᠋ᠦᠩᠰᠢᠭᠤᠷ ᠲᠦᠭᠦᠷᠢᠭ ᠲᠠᠷᠬᠠᠭᠠᠵᠠᠢ᠃     ᠪᠦᠬᠦ ᠠᠶᠢᠮᠠᠭ ᠢᠶᠠᠷ ᠢᠶᠠᠨ ᠬᠤᠲᠠ ᠪᠠᠯᠭᠠᠰᠣᠨ ᠤ 5517 ᠬᠦᠮᠦᠨ ᠳᠤ ᠰᠢᠨ᠎ᠠ ᠪᠠᠷ ᠠᠵᠢᠯ ᠤᠯᠭᠤᠵᠦ᠂ 45295 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠵᠦ᠂ ᠬᠤᠲᠠ ᠪᠠᠯᠭᠠᠰᠣᠨ ᠤ ᠠᠵᠢᠯ ᠠᠯᠳᠠᠬᠤ ᠨᠤᠷᠮ᠎ᠠ ᠶᠢ 3.08% ᠲᠤᠲᠤᠷ᠎ᠠ ᠬᠢᠵᠠᠭᠠᠷᠯᠠᠪᠠ᠃ ᠲᠡᠭᠡᠲᠤ ᠱᠠᠲᠤᠨ ᠠᠴᠠ ᠠᠵᠢᠯ ᠤᠯᠭᠤᠯᠳᠠ ᠶᠢᠨ ᠨᠥᠬᠦᠪᠦᠷᠢ ᠮᠦᠩᠬᠦ 8925 ᠲᠦᠮᠡᠨ ᠲᠦᠭᠦᠷᠢᠭ  ᠡᠷᠡᠮᠡᠯᠵᠡᠯᠡᠨ ᠤᠯᠵᠦ᠂ 3633 ᠲᠦᠮᠡᠨ ᠲᠦᠭᠦᠷᠢᠭ ᠢ ᠵᠠᠷᠤᠴᠠᠭᠤᠯᠵᠠᠢ᠃ 6 ᠰᠠᠷ᠎ᠠ ᠶᠢᠨ ᠰᠡᠬᠦᠯᠴᠢ ᠪᠤᠯᠳᠠᠯ᠎ᠠ᠂ 2068 ᠠᠵᠦ ᠠᠬᠤᠢᠢᠯᠠᠯ ᠤᠨ ᠨᠠᠰᠤᠵᠢᠯ ᠤᠨ ᠲᠠᠭᠠᠳᠬᠠᠯ᠂ ᠠᠵᠢᠯ ᠠᠴᠠ ᠪᠤᠯᠤᠭᠰᠠᠨ ᠬᠡᠮᠳᠦᠯ ᠤᠨ ᠲᠠᠭᠠᠳᠬᠠᠯ ᠤᠨ ᠰᠦᠢᠳᠬᠡᠯ 1.9 ᠳ᠋ᠦᠩᠰᠢᠭᠤᠷ ᠲᠦᠭᠦᠷᠢᠭ ᠢ ᠬᠠᠰᠤᠨ ᠬᠡᠯᠳᠦᠷᠢᠬᠦᠯᠵᠦ᠂ 201 ᠠᠵᠦ ᠠᠬᠤᠢᠢᠯᠠᠯ ᠳᠤ 1401  ᠲᠦᠮᠨ ᠢᠯᠡᠭᠦᠤ ᠲᠦᠭᠦᠷᠢᠭ ᠤᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠨᠦᠬᠦᠪᠦᠷᠢ ᠬᠠᠩᠭᠠᠵᠦ᠂ 1087 ᠠᠵᠢᠯ ᠠᠯᠳᠠᠭᠰᠠᠳ ᠲᠤ 528 ᠲᠦᠮᠡᠨ ᠲᠦᠭᠦᠷᠢᠭ ᠤᠨ ᠠᠵᠢᠯ ᠠᠯᠳᠠᠭᠰᠠᠨ ᠲᠠᠭᠠᠳᠬᠠᠯ ᠤᠨ ᠮᠦᠩᠬᠦ ᠲᠠᠷᠬᠠᠭᠠᠵᠠᠢ᠃     ᠮᠠᠨ ᠤ ᠠᠶᠢᠮᠠᠭ ᠲᠡᠭᠡᠲᠤ ᠱᠠᠲᠤᠨ ᠠᠴᠠ 12.6 ᠳ᠋ᠦᠩᠰᠢᠭᠤᠷ ᠲᠦᠭᠦᠷᠢᠭ ᠤᠨ ᠨᠡᠶᠢᠬᠡᠮ ᠤᠨ ᠪᠠᠲᠤᠯᠠᠭ᠎ᠠ ᠶᠢᠨ ᠨᠦᠬᠦᠪᠦᠷᠢ ᠮᠦᠩᠬᠦ ᠪᠠ 3 ᠳ᠋ᠦᠩᠰᠢᠭᠤᠷ ᠲᠦᠭᠦᠷᠢᠭ ᠤᠨ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠠᠮᠵᠢᠬᠦ ᠨᠦᠬᠦᠪᠦᠷᠢ ᠮᠦᠩᠬᠦ ᠶᠢ  ᠡᠷᠡᠮᠡᠯᠵᠡᠯᠡᠨ ᠤᠯᠵᠦ᠂ ᠪᠦᠬᠦ ᠤᠷᠤᠨ ᠳᠤ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠢᠬᠡᠳᠦᠯᠲᠠᠢ ᠲᠦᠯᠦᠪᠵᠢᠬᠦᠯᠬᠦ ᠶᠢ ᠬᠠᠮᠤᠭ ᠲᠡᠷᠢᠬᠦᠨ ᠳᠤ ᠪᠡᠶᠡᠯᠡᠬᠦᠯᠵᠦ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 3.7% ᠪᠡ 5.2%᠎ ᠢᠶᠠᠷ ᠲᠡᠭᠡᠭᠰᠢᠯᠡᠬᠦᠯᠵᠦ᠂ ᠲᠡᠭᠰᠢᠳᠭᠡᠭᠡᠳ ᠰᠠᠷ᠎ᠠ ᠪᠤᠯᠭᠠᠨ ᠬᠦᠮᠦᠨ ᠪᠦᠷᠢ ᠶᠢᠨ ᠪᠠᠷᠢᠮᠵᠢᠶ᠎ᠠ ᠶᠢ 732 ᠲᠦᠭᠦᠷᠢᠭ ᠪᠤᠯᠭᠠᠵᠠᠢ᠃     ᠶᠠᠳᠠᠭᠤ ᠠᠴᠠ ᠠᠩᠬᠢᠵᠢᠷᠠᠭᠰᠠᠨ ᠪᠠ ᠠᠩᠬᠢᠵᠢᠷᠠᠭᠠᠳᠣᠢ ᠠᠮᠢᠳᠤᠷᠠᠯ ᠬᠦᠴᠢᠷᠳᠡᠯᠲᠠᠢ ᠬᠦᠮᠦᠨ ᠠᠮᠠ ᠶᠢ 100%᠎ ᠪᠠᠷ ᠡᠮᠨᠡᠯᠬᠡ ᠶᠢᠨ ᠲᠠᠭᠠᠳᠬᠠᠯ ᠤᠨ ᠬᠡᠪᠴᠢᠶᠡᠨ ᠳᠤ ᠤᠷᠤᠭᠤᠯᠵᠦ᠂ ᠠᠮᠢᠳᠤᠷᠠᠯ ᠬᠦᠴᠢᠷᠳᠡᠯᠲᠠᠢ ᠬᠦᠨᠲᠤ ᠡᠪᠡᠳᠴᠢᠲᠠᠨ ᠢ ᠠᠪᠤᠷᠠᠨ ᠡᠮᠨᠡᠬᠦ ᠡᠪᠡᠳᠴᠢᠨ ᠤ ᠲᠦᠷᠦᠯ ᠢ 30 ᠵᠦᠢᠯ ᠪᠤᠯᠭᠠᠨ ᠨᠡᠮᠡᠭᠳᠡᠬᠦᠯᠵᠦ᠂ ᠬᠦᠨᠲᠤ ᠡᠪᠡᠳᠴᠢᠲᠠᠨ ᠢ ᠠᠪᠤᠷᠠᠨ ᠡᠮᠨᠡᠭᠰᠡᠨ ᠨᠤᠷᠮ᠎ᠠ 100% ᠬᠦᠷᠴᠦ᠂ ᠬᠠᠷᠠᠬᠠᠨ ᠶᠠᠳᠠᠭᠤ ᠠᠴᠠ ᠠᠩᠬᠢᠵᠢᠷᠠᠭᠠᠲᠤᠢ ᠬᠦᠮᠦᠰ ᠢ ᠴᠦ 100%᠎ ᠪᠠᠷ ᠠᠷᠠᠳ ᠤᠨ ᠶᠠᠪᠤᠳᠠᠯ ᠤᠨ ᠦᠨᠳᠦᠰᠦᠨ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号