ᠳᠡᠭᠡᠷ᠎ᠡ ᠬᠠᠭᠠᠰ ᠵᠢᠯ ᠳᠤ᠂ ᠮᠠᠨ ᠤ ᠠᠶᠢᠮᠠᠭ ᠬᠢᠵᠢᠭ ᠤᠨ ᠪᠠᠶᠢᠳᠠᠯ ᠪᠠ ᠠᠵᠤ ᠠᠬᠤᠢ ᠶᠢᠨ ᠳᠠᠷᠤᠯᠲᠠ ᠠᠴᠠ | ᠪᠤᠯᠤᠭᠰᠠᠨ ᠠᠰᠢᠭ ᠦᠬᠡᠢ ᠨᠦᠯᠦᠭᠡ ᠶᠢ ᠴᠢᠷᠮᠠᠶᠢᠨ ᠠᠷᠭᠠᠴᠠᠵᠣ᠂ ᠠᠷᠠᠯᠵᠢᠶ᠎ᠠ ᠡᠷᠬᠢᠯᠡᠬᠦ ᠣᠷᠴᠢᠨ ᠢ | ᠰᠢᠯᠢᠳᠡᠭᠵᠢᠭᠦᠯᠬᠦ ᠠᠵᠢᠯ ᠢ ᠨᠡᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠷᠠᠯᠵᠢᠶ᠎ᠠ ᠡᠷᠬᠢᠯᠡᠬᠦ | ᠣᠷᠴᠢᠨ ᠤ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠠᠮᠡᠷᠢᠯᠡᠵᠤ ᠪᠠᠶᠢᠨ᠎ᠠ᠃ | ᠵᠠᠬ᠎ᠠ ᠳᠡᠯᠭᠡᠭᠦᠷ ᠤᠨ ᠣᠷᠴᠢᠨ ᠢ ᠴᠡᠪᠡᠷᠰᠢᠭᠦᠯᠬᠦ ᠪᠠᠷ ᠮᠠᠨ ᠤ ᠠᠶᠢᠮᠠᠭ ︽ᠠᠷᠠᠯᠵᠢᠶ᠎ᠠ ᠡᠷᠬᠢᠯᠡᠬᠦ ᠣᠷᠴᠢᠨ ᠢ | ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ︽2020 ᠣᠨ ᠤ ︿ | ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠠᠷᠠᠯᠵᠢᠶ᠎ᠠ ᠡᠷᠬᠢᠯᠡᠬᠦ ᠣᠷᠴᠢᠨ ᠢ | ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ︾ ᠵᠡᠷᠭᠡ ᠶᠢ ᠲᠣᠭᠲᠠᠭᠠᠵᠤ᠂ ᠠᠷᠠᠯᠵᠢᠶ᠎ᠠ ᠡᠷᠬᠢᠯᠡᠬᠦ ᠣᠷᠴᠢᠨ ᠤ | ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠪᠠ᠃ ᠤᠯᠣᠰ᠂ | ᠦᠪᠠᠷᠳᠠᠬᠡᠠ ᠵᠠᠰᠠᠬᠤ ᠤᠷᠣᠠ ᠤ ᠡᠯ᠎ᠡ ᠵᠦᠢᠯ ᠤᠨ ᠭᠠᠶᠢᠯᠢ ᠰᠦᠢᠳᠭᠡᠯ ᠢ ᠬᠠᠰᠤᠵᠦ ᠪᠠᠭᠤᠷᠠᠭᠤᠯᠬᠤ ᠲᠦᠷᠣ ᠶᠢᠨ | ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠳᠤ ᠡᠯ᠎ᠡ ᠲᠦᠷᠣᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ 2.9 ᠳ᠋ᠦᠩᠰᠢᠭᠤᠷ ᠲᠦᠭᠦᠷᠢᠭ ᠤᠨ ᠭᠠᠶᠢᠯᠢ ᠰᠦᠢᠳᠭᠡᠯ ᠢ ᠬᠠᠰᠤᠨ | ᠪᠠᠭᠤᠷᠠᠭᠤᠯᠵᠦ᠂ ᠠᠵᠣ ᠠᠬᠤᠢᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 6000 ᠲᠦᠮᠠᠠ ᠲᠦᠭᠦᠷᠢᠭ | ᠪᠠᠭᠤᠷᠠᠭᠤᠯᠵᠤ᠂ ᠠᠵᠣ ᠠᠬᠤᠢᠢᠯᠠᠯ ᠢ ᠳᠡᠮᠵᠢᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠦᠬᠦᠪᠦᠷᠢ | ᠮᠦᠩᠬᠦ 670 ᠲᠦᠮᠠᠠ ᠲᠦᠭᠦᠷᠢᠭ ᠲᠠᠷᠬᠠᠭᠠᠨ᠂ 1080 ᠲᠦᠮᠠᠠ ᠲᠦᠭᠦᠷᠢᠭ ᠤᠨ ᠵᠠᠮ ᠤᠨ ᠰᠦᠢᠳᠭᠡᠯ ᠢ | ᠬᠠᠰᠤᠨ ᠬᠡᠯᠲᠦᠷᠢᠭᠦᠯᠪᠡ᠃ ᠡᠭᠦᠨ ᠤ ᠬᠠᠮᠲᠤ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠪᠡᠯᠡ | ᠬᠤᠷᠠᠮᠳᠤᠭᠤᠯᠬᠤ ᠱᠠᠭᠠᠷᠳᠠᠯᠭ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠪᠠᠩᠬᠢ ᠪᠣᠯᠤᠨ ᠠᠵᠤ ᠠᠬᠤᠢᠢᠯᠠᠯ ᠢ | ᠵᠤᠯᠭᠠᠯᠴᠠᠭᠤᠯᠬᠤ ᠠᠵᠢᠯᠯᠠᠭ᠎ᠠ ᠦᠷᠨᠢᠬᠦᠯᠵᠦ᠂ ᠦᠢᠯᠡᠰ ᠪᠦᠳᠤᠭᠡᠬᠦ ᠪᠠᠲᠤᠯᠠᠭᠠᠲᠤ ᠵᠢᠭᠡᠯᠡᠯᠭᠡ ᠶᠢ 6066 ᠲᠦᠮᠡᠨ | ᠲᠥᠭᠦᠷᠢᠭ ᠨᠠᠶᠢᠳᠠᠪᠤᠷᠢᠵᠢᠭᠤᠯᠤᠨ᠂ ᠪᠦᠬᠦ ᠠᠶᠢᠮᠠᠭ ᠲᠤ ᠨᠡᠶᠢᠲᠡ 162.1 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠲᠠᠯᠪᠢᠵᠤ᠂ ᠪᠠᠭ᠎ᠠ ᠵᠢᠵᠢᠭ ᠠᠵᠤ ᠠᠬᠤᠢᠢᠯᠠᠯ ᠤᠨ ᠵᠢᠭᠡᠯᠡᠯᠭᠡ ᠡᠷᠡᠮᠡᠯᠵᠡᠨ ᠣᠯᠤᠭᠰᠠᠨ ᠨᠣᠷᠮ᠎ᠠ 96.2% ᠲᠤ | ᠬᠦᠷᠴᠠᠢ᠃ ᠤᠢᠢᠷ᠎ᠠ ᠶᠢᠨ ᠬᠤᠭᠤᠴᠠᠭᠠᠨ ᠳᠤ᠂ 3078 ᠠᠵᠤ ᠠᠬᠤᠢᠢᠯᠠᠯ ᠢ ᠰᠤᠭᠤᠴᠢᠨ ᠤᠳᠠᠰᠤ ᠪᠠᠷ | ᠰᠤᠷᠪᠤᠯᠵᠢᠯᠠᠨ ᠪᠠᠶᠢᠴᠠᠭᠠᠭᠰᠠᠨ ᠳ᠋ᠦᠩ ᠳᠤ᠂ ᠠᠷᠠᠯᠵᠢᠶ᠎ᠠ ᠡᠷᠬᠢᠯᠡᠬᠦ ᠣᠷᠴᠢᠨ ᠤ ᠪᠥᠲᠥᠭᠡᠨ ᠪᠠᠶᠢᠭᠤᠯᠤᠯᠲᠠ ᠳᠤ | ᠦᠨᠡᠯᠡᠯᠲᠡ ᠬᠢᠭᠰᠡᠨ ᠬᠠᠨᠤᠮᠵᠢ ᠶᠢᠨ ᠭᠡᠮᠵᠢᠶ᠎ᠡ ᠨᠢ 88.75% ᠬᠦᠷᠴᠠᠢ᠃ | ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠠᠶᠢᠭᠤᠯᠤᠯᠳᠠ ᠶᠢ | ᠠᠬᠢᠭᠤᠯᠵᠤ᠂ ᠡᠨᠡ ᠵᠢᠯ ᠰᠢᠯᠢ ᠶᠢᠨ ᠬᠤᠳᠠ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠤᠶᠤᠨᠴᠢᠯᠠᠭᠰᠠᠨ ᠦᠭᠡᠷᠡᠴᠢᠯᠡᠯᠲᠡ ᠪᠠ ᠨᠠᠮ ᠤᠯᠠᠨ ᠲᠦᠮᠡᠨ ᠤ ᠤᠶᠤᠨᠴᠢ ᠦᠢᠯᠡᠴᠢᠯᠡᠭᠡᠨ ᠤ ᠲᠦᠪ ᠤᠨ ᠪᠦᠲᠦᠭᠡᠨ | ᠪᠠᠶᠢᠭᠤᠯᠤᠯᠳᠠ ᠶᠢ ᠡᠬᠢᠯᠡᠬᠦᠯᠵᠤ᠂ ᠤᠳᠤᠬᠠᠨ ᠳᠤ ᠠᠪᠠᠭ᠎ᠠ ᠬᠤᠰᠢᠭᠤ᠂ ᠵᠡᠬᠦᠨ ᠦᠵᠦᠮᠦᠴᠢᠨ ᠬᠤᠰᠢᠭᠤ᠂ | ᠲᠠᠶᠢᠹᠦᠰᠧ ᠬᠤᠰᠢᠭᠤ ᠵᠡᠷᠭᠡ ᠭᠠᠵᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠰᠢᠨᠡᠳᠭᠡᠨ | ᠪᠠᠶᠢᠭᠤᠯᠬᠤ ᠪᠤᠶᠤ ᠦᠷᠭᠡᠳᠭᠡᠨ ᠪᠠᠶᠢᠭᠤᠯᠬᠤ ᠪᠠᠨ ᠪᠡᠶᠡᠯᠡᠬᠦᠯᠵᠤ᠂ 78 ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠨᠢ ᠨᠠᠮ ᠤᠯᠠᠨ ᠲᠦᠮᠡᠨ ᠤ ᠦᠢᠯᠡᠴᠢᠯᠡᠭᠡᠨ ᠤ ᠲᠦᠪ ᠢ ᠪᠠᠶᠢᠭᠤᠯᠵᠤ᠂ 10 ᠰᠠᠷ᠎ᠠ ᠶᠢᠨ ᠰᠠᠬᠦᠯᠴᠢ | ᠪᠤᠯᠳᠠᠯ᠎ᠠ ᠰᠢᠯᠢ ᠶᠢᠨ ᠬᠤᠳᠠ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠤᠶᠤᠨᠴᠢᠯᠠᠭᠰᠡᠨ | ᠦᠭᠡᠷᠡᠴᠢᠯᠡᠯᠲᠡ ᠶᠢ ᠪᠡᠶᠡᠯᠡᠬᠦᠯᠵᠤ᠂ ᠡᠨᠡ ᠵᠢᠯ ᠳᠤ ᠰᠢᠯᠤᠭᠤᠨ ᠬᠦᠪᠡᠭᠡᠲᠦ ᠴᠠᠭᠠᠨ ᠬᠤᠰᠢᠭᠤ᠂ ᠲᠤᠯᠤᠨ ᠨᠤᠤᠷ | ᠰᠢᠶᠠᠨ ᠵᠡᠷᠭᠡ ᠭᠠᠵᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ ᠰᠢᠨ᠎ᠠ ᠪᠠᠷ ᠪᠠᠶᠢᠭᠤᠯᠤᠨ | ᠠᠰᠢᠭᠯᠠᠯᠳᠠ ᠳᠤ ᠤᠷᠤᠭᠤᠯᠵᠤ᠂ ᠪᠦᠬᠦ ᠠᠶᠢᠮᠠᠭ ᠤᠨ 70% ᠶᠢᠨ ᠬᠤᠰᠢᠭᠤ ᠰᠢᠶᠠᠨ ︽ᠨᠢᠭᠡ ᠴᠤᠩᠬᠤᠪᠴᠢ︾ | ᠪᠠᠷ ᠲᠦᠷᠦᠯ ᠬᠤᠪᠢᠶᠠᠨ ᠬᠦᠯᠢᠶᠠᠨ ᠰᠢᠢᠳᠪᠤᠷᠢᠯᠡᠬᠦ ᠶᠢ ᠪᠡᠶᠡᠯᠡᠬᠦᠯᠬᠦ ᠪᠤᠯᠤᠨ᠎ᠠ᠃ ᠮᠠᠨ ᠤ ᠠᠶᠢᠮᠠᠭ ᠤᠨ ︽ᠡᠬᠦᠯᠡᠨ | ᠪᠣᠳᠣᠯᠳᠠ ᠰᠢᠯᠢ ᠶᠢᠨ ᠭᠤᠤᠯ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠠᠰᠢᠭᠯᠠᠯᠳᠠ ᠳᠤ | ᠤᠷᠤᠬᠤ ᠶᠢ ᠲᠠᠭᠠᠯᠳᠤᠨ᠂ ᠨᠢᠭᠡ ᠴᠤᠭᠴᠠᠵᠢᠭᠤᠯᠤᠭᠰᠠᠨ ᠰᠦᠯᠵᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠪᠠ ︽ᠮᠦᠩᠭᠡ ᠰᠤᠪᠠᠭ︾ APP ᠶᠢ ᠲᠦᠭᠡᠮᠡᠯᠵᠢᠬᠦᠯᠦᠨ ᠠᠰᠢᠭᠯᠠᠭᠰᠠᠨ ᠢᠶᠠᠷ ᠪᠦᠬᠦ ᠠᠶᠢᠮᠠᠭ ᠤᠨ | ᠰᠦᠯᠵᠢᠶᠠᠨ ᠲᠡᠭᠡᠷ᠎ᠠ ᠬᠦᠢᠴᠡᠳᠭᠡᠵᠦ ᠳᠡᠶᠢᠯᠬᠦ ᠨᠤᠷᠮ᠎ᠠ ᠪᠠ ᠪᠦᠬᠦ ᠶᠠᠪᠤᠴᠠ ᠶᠢ ᠰᠦᠯᠵᠢᠶᠠᠨ ᠲᠡᠭᠡᠷ᠎ᠠ ᠬᠦᠢᠴᠡᠳᠭᠡᠬᠦ | ᠨᠤᠷᠮ᠎ᠠ ᠲᠤᠰᠪᠤᠷᠢ 95.2% ᠪᠠ 58.7% ᠪᠤᠯᠵᠠᠢ᠃ | ᠬᠢᠨᠠᠨ ᠬᠠᠮᠢᠶᠠᠷᠤᠯᠳᠠ ᠬᠠᠤᠯᠢ ᠭᠡᠷᠡᠭᠵᠢᠬᠦᠯᠦᠯᠳᠠ ᠶᠢ ᠲᠦᠷᠢᠮᠵᠢᠬᠦᠯᠬᠦ ᠶᠢᠨ ᠳᠤᠰᠠᠳᠡ ᠮᠠᠨ ᠤ ᠠᠶᠢᠮᠠᠭ ᠰᠠᠯᠠᠭ᠎ᠠ | ᠮᠦᠴᠢᠷ ᠰᠤᠨᠳᠠᠯᠠᠬᠰᠠᠨ ᠤᠷᠤᠨ ᠨᠤᠳᠤᠭ ᠰᠤᠨᠳᠠᠯᠠᠬᠰᠠᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠠ ᠶᠢᠨ | ᠲᠤᠭᠳᠠᠴᠠ ᠶᠢ ᠪᠠᠶᠢᠭᠤᠯᠤᠨ ᠲᠡᠬᠦᠯᠲᠡᠷᠵᠢᠬᠦᠯᠵᠤ᠂ ︽ᠰᠦᠯᠵᠢᠶ᠎ᠠ + ᠬᠢᠨᠠᠨ ᠬᠠᠮᠢᠶᠠᠷᠤᠯᠳᠠ︾ ᠶᠢᠨ ᠠᠷᠭ᠎ᠠ ᠶᠢ | ᠭᠡᠷᠡᠭᠵᠢᠭᠦᠯᠵᠠᠢ᠃ ᠡᠬᠦᠨ ᠤ ᠬᠠᠮᠳᠤ᠂ ᠠᠵᠤ ᠠᠬᠤᠢᠢᠯᠠᠯ ᠳᠤ ᠬᠤᠯᠪᠤᠭᠳᠠᠬᠤ ᠮᠡᠳᠡᠭᠡ ᠵᠠᠩᠬᠢ ᠶᠢ ᠴᠤᠭᠯᠠᠭᠤᠯᠤᠨ | ᠨᠢᠭᠡᠳᠭᠡᠵᠤ ᠬᠠᠮᠳᠤ ᠪᠠᠷ ᠡᠳ᠋ᠯᠡᠬᠦ᠂ ᠢᠲᠡᠭᠡᠮᠵᠢ ᠲᠠᠢ ᠪᠠᠶᠢᠬᠤ ᠶᠢ ᠬᠤᠯᠪᠣᠭᠠᠯᠠᠨ ᠤᠷᠮᠠᠰᠢᠭᠤᠯᠬᠤ᠂ ᠢᠳᠡᠭᠡᠮᠵᠢ | ᠠᠯᠳᠠᠪᠠᠯ ᠬᠤᠯᠪᠣᠭᠠᠯᠠᠨ ᠵᠠᠯᠬᠠᠭᠠᠬᠤ ᠲᠤᠭᠳᠠᠴᠠ ᠶᠢ ᠭᠡᠷᠡᠭᠵᠢᠬᠦᠯᠵᠤ ᠪᠠᠶᠢᠨ᠎ᠠ᠃ |