ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2020/8/6
    ᠰᠤᠷᠪᠤᠯᠵᠢᠯᠠᠭᠴᠢ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠡᠷᠥᠩᠬᠡᠢ ᠲᠣᠪᠴᠢᠶ᠎ᠠ᠂ ᠪᠣᠭᠤᠮᠲᠠ ᠶᠢᠨ ᠶᠡᠷᠦᠩᠬᠡᠢ ᠵᠡᠬᠢᠷᠭᠠᠨ ᠠᠴᠠ ᠣᠶᠢᠯᠠᠭᠠᠭᠰᠠᠨ ᠢᠶᠠᠷ᠂ ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠠᠮᠳᠡᠭᠴᠣᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠲᠡᠭᠦᠨ ᠤ ᠲᠤᠷᠰᠢᠨ ᠰᠢᠯᠭᠠᠬᠤ ᠤᠷᠤᠯᠳᠤᠭᠠᠨ ᠡᠷᠬᠢᠯᠡᠬᠦ ᠶᠢ ᠳᠡᠮᠵᠢᠬᠦ ᠶᠢᠨ ᠲᠥᠯᠥᠭᠡ᠂ ᠬᠤᠯᠪᠣᠭᠳᠠᠯ ᠪᠦᠬᠦᠢ ᠪᠣᠳᠠᠲᠤ ᠴᠣᠭᠴᠠ᠂ ᠠᠵᠤ  ᠠᠬᠤᠶᠢᠯᠠᠯ ᠪᠠ ᠬᠤᠪᠢ ᠬᠥᠮᠦᠨ ᠤ ᠣᠷᠣᠯᠭ᠎ᠠ ᠨᠢ ᠠᠵᠤ  ᠠᠬᠤᠶᠢᠯᠠᠯ ᠤᠨ ᠠᠰᠢᠭ ᠣᠷᠣᠯᠭ᠎ᠠ ᠶᠢᠨ  ᠭᠠᠶᠢᠯᠢ᠂ ᠥᠷᠲᠡᠭ ᠤᠨ ᠨᠡᠮᠡᠭᠳᠡᠯ ᠤᠨ ᠭᠠᠶᠢᠯᠢ ᠵᠡᠷᠭᠡ ᠠᠯᠢ ᠣᠯᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠦᠷᠲᠡᠬᠦ ᠪᠣᠯᠣᠨ᠎ᠠ᠂  ᠨᠡᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠭᠡᠵᠡᠢ᠃     ᠭᠤᠷᠪᠠᠨ ᠰᠠᠯᠠᠭ᠎ᠠ ᠮᠥᠴᠢᠷ ᠤᠨ ᠣᠷᠴᠢᠮᠬᠠᠨ ᠬᠠᠮᠲᠤᠷᠠᠨ  ᠨᠡᠶᠢᠳᠡᠯᠡᠭᠰᠡᠨ ︽ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ  ᠵᠠᠮᠳᠡᠭᠴᠣᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠠᠯᠪᠠᠨ ᠵᠠᠷ︾᠎ ᠢ ᠦᠨᠳᠦᠰᠦᠯᠡᠪᠡᠯ᠂ ᠮᠠᠨ ᠤ ᠤᠯᠤᠰ ᠬᠤᠯᠪᠣᠭᠳᠠᠯ ᠪᠦᠬᠦᠢ ᠪᠣᠳᠠᠲᠤ ᠴᠣᠭᠴᠠ ᠶᠢᠨ ᠳᠣᠲᠣᠷᠠᠬᠢ ᠰᠠᠭᠤᠭᠠᠯᠢ ᠠᠷᠠᠳ ᠤᠨ ᠪᠤᠰᠤ ᠠᠵᠤ ᠠᠬᠤᠶᠢᠯᠠᠯ ᠤᠨ ᠣᠯᠤᠭᠰᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠤᠯᠪᠣᠭᠳᠠᠭᠰᠠᠨ ᠣᠷᠣᠯᠭ᠎ᠠ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠥᠬᠡᠶ︔ ᠤᠯᠢᠮᠫᠢᠺ ᠢ ᠳᠠᠮᠵᠢᠭᠤᠯᠤᠨ ᠨᠡᠪᠲᠡᠷᠡᠭᠦᠯᠬᠦ ᠦᠢᠯᠡᠴᠢᠯᠡᠭᠡᠨ ᠤ ᠺᠣᠮᠫᠠᠨᠢ᠂ ᠤᠯᠢᠮᠫᠢᠺ ᠤᠨ ᠰᠤᠪᠠᠭ ᠤᠨ ᠦᠢᠯᠡᠴᠢᠯᠡᠭᠡᠨ ᠤ ᠺᠣᠮᠫᠠᠨᠢ᠂ ᠣᠯᠠᠨ ᠤᠯᠤᠰ ᠤᠨ ᠤᠯᠢᠮᠫᠢᠺ ᠤᠨ ᠵᠦᠪᠯᠡᠯ ᠤᠨ  ᠲᠧᠯᠸᠢᠰ ᠬᠢᠭᠡᠳ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠦᠢᠯᠡᠴᠢᠯᠡᠭᠡᠨ ᠤ ᠺᠣᠮᠫᠠᠨᠢ᠂ ᠤᠯᠢᠮᠫᠢᠺ ᠤᠨ ᠰᠣᠶᠣᠯ ᠬᠢᠭᠡᠳ ᠥᠪ ᠬᠥᠷᠥᠩᠭᠡ ᠶᠢᠨ ᠰᠠᠭᠤᠷᠢ ᠮᠥᠩᠭᠦ᠂ ᠠᠯᠪᠠᠨ ᠶᠣᠰᠣᠨ ᠤ ᠴᠠᠭ ᠲᠡᠮᠳᠡᠭᠯᠡᠬᠦ ᠺᠣᠮᠫᠠᠨᠢ ᠶᠢᠨ ᠣᠯᠤᠭᠰᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠤᠯᠪᠣᠭᠳᠠᠬᠤ ᠣᠷᠣᠯᠭ᠎ᠠ ᠠᠴᠠ ᠨᠡᠮᠡᠭᠳᠡᠯ ᠥᠷᠲᠡᠭ ᠤᠨ  ᠭᠠᠶᠢᠯᠢ ᠲᠠᠲᠠᠪᠤᠷᠢᠯᠠᠬᠤ ᠦᠭᠡᠢ᠃     ᠣᠯᠠᠨ ᠤᠯᠤᠰ ᠤᠨ ᠳᠡᠮᠵᠢᠯᠭᠡ ᠶᠢᠨ ᠲᠥᠯᠥᠪᠯᠡᠭᠡ᠂ ᠪᠥᠬᠦ ᠪᠥᠮᠪᠥᠷᠴᠡᠭ ᠤᠨ ᠬᠠᠩᠭᠠᠯᠭ᠎ᠠ ᠶᠢᠨ ᠲᠥᠯᠥᠪᠯᠡᠭᠡ᠂ ᠪᠥᠬᠦ ᠪᠥᠮᠪᠥᠷᠴᠡᠭ ᠤᠨ ᠣᠨᠴᠠ ᠵᠥᠪᠰᠢᠶᠡᠷᠡᠯ ᠲᠠᠢ ᠲᠥᠯᠥᠪᠯᠡᠭᠡ ᠶᠢ ᠳᠡᠮᠵᠢᠭᠰᠡᠨ ᠬᠤᠳᠠᠯᠳᠤᠭᠠᠴᠢᠨ᠂ ᠬᠠᠩᠭᠠᠯᠭ᠎ᠠ ᠶᠢᠨ ᠬᠤᠳᠠᠯᠳᠤᠭᠠᠴᠢᠨ᠂ ᠣᠨᠴᠠ ᠵᠥᠪᠰᠢᠶᠡᠷᠡᠯ ᠲᠠᠢ ᠬᠤᠳᠠᠯᠳᠤᠭᠠᠴᠢᠨ ᠵᠢᠴᠢ ᠲᠡᠭᠦᠨ ᠤ ᠬᠤᠪᠢᠲᠠᠨ ᠳᠠᠭᠠᠭᠠᠴᠢᠯᠠᠭᠰᠠᠨ ᠬᠤᠳᠠᠯᠳᠤᠭᠠᠴᠢᠨ ᠨᠢ ᠵᠦᠪᠲᠡᠯᠴᠡᠭᠡᠷ ᠢ ᠦᠨᠳᠦᠰᠦᠯᠡᠨ ᠪᠡᠭᠡᠵᠢᠩ ᠤᠨ 2022 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠠᠮᠳᠡᠭᠴᠣᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ  ᠪᠠᠶᠢᠭᠤᠯᠣᠯᠳᠠ ᠶᠢᠨ ᠵᠥᠪᠯᠡᠯ ᠤᠨ ᠲᠣᠭᠲᠠᠭᠠᠭᠰᠠᠨ ᠡᠳ᠋ ᠪᠠᠷᠠᠭ᠎ᠠ ᠪᠤᠶᠤ ᠦᠢᠯᠡᠴᠢᠯᠡᠭᠡ ᠳᠤ ᠨᠡᠮᠡᠭᠳᠡᠯ ᠥᠷᠲᠡᠭ ᠤᠨ  ᠭᠠᠶᠢᠯᠢ᠂ ᠬᠡᠷᠡᠭᠯᠡᠭᠡᠨ ᠤ  ᠭᠠᠶᠢᠯᠢ ᠲᠠᠲᠠᠪᠤᠷᠢᠯᠠᠬᠤ ᠥᠬᠡᠶ︔ ᠣᠯᠠᠨ ᠤᠯᠤᠰ ᠤᠨ ᠤᠯᠢᠮᠫᠢᠺ ᠤᠨ ᠵᠥᠪᠯᠡᠯ ᠤᠨ ᠪᠤᠳᠠᠳᠤ ᠴᠣᠭᠴᠠ ᠨᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠵᠥᠪᠯᠡᠯ‌‍ᠲ᠋ᠠᠢ ᠲᠣᠭᠲᠠᠭᠰᠠᠨ ᠡᠯ᠎ᠡ ᠲᠥᠷᠥᠯ ᠤᠨ ᠭᠡᠷ᠎ᠡ ᠠᠴᠠ ᠬᠤᠯᠪᠣᠭᠳᠠᠯ ᠪᠦᠬᠦᠢ ᠪᠣᠳᠠᠲᠤ ᠴᠣᠭᠴᠠ ᠶᠢᠨ ᠲᠤᠰᠢᠶᠠᠪᠠᠰᠤ ᠵᠣᠬᠢᠬᠤ ᠲᠡᠮᠳᠡᠭᠲᠦ ᠶᠢᠨ  ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃     ᠡᠭᠦᠨ ᠠᠴᠠ ᠭᠠᠳᠠᠨ᠎ᠠ᠂ 2019 ᠣᠨ ᠤ 6 ᠰᠠᠷ᠎ᠠ ᠶᠢᠨ 1᠎ ᠤ ᠡᠳᠦᠷ ᠠᠴᠠ 2022 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ᠂ ᠣᠯᠠᠨ ᠤᠯᠤᠰ ᠤᠨ ᠤᠯᠢᠮᠫᠢᠺ ᠤᠨ ᠵᠥᠪᠯᠡᠯ ᠤᠨ ᠬᠤᠯᠪᠣᠭᠳᠠᠯ ᠪᠦᠬᠦᠢ ᠪᠤᠳᠠᠳᠤ ᠴᠣᠭᠴᠠ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠯᠤᠭ᠎ᠠ ᠬᠤᠯᠪᠣᠭᠳᠠᠬᠤ ᠠᠵᠢᠯ ᠬᠢᠭᠰᠡᠨ ᠠᠴᠠ ᠪᠣᠯᠵᠤ᠂ ᠳᠤᠮᠳᠠᠳᠤ ᠤᠯᠤᠰ ᠤᠨ ᠬᠢᠯᠢ ᠳᠣᠲᠣᠷᠠᠬᠢ ᠡᠳ᠋ ᠪᠠᠷᠠᠭ᠎ᠠ ᠪᠤᠶᠤ ᠦᠢᠯᠡᠴᠢᠯᠡᠭᠡ ᠶᠢᠨ ᠬᠤᠳᠠᠯᠳᠤᠨ ᠠᠪᠬᠤ ᠵᠠᠷᠤᠯᠭ᠎ᠠ ᠳᠠᠬᠢ ᠬᠠᠷᠠᠭᠠᠯᠵᠠᠭᠰᠠᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠭᠠᠶᠢᠯᠢ ᠶᠢᠨ ᠪᠠᠷᠢᠮᠲᠠ ᠵᠢᠴᠢ ᠭᠡᠷᠡᠴᠢ ᠪᠠᠷ ᠲᠣᠭᠲᠠᠭᠠᠯ ᠶᠣᠰᠣᠭᠠᠷ ᠪᠤᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ︔ ᠣᠯᠠᠨ ᠤᠯᠤᠰ‌‍ᠤᠨ ᠤᠯᠢᠮᠫᠢᠺ ᠤᠨ ᠵᠥᠪᠯᠡᠯ ᠤᠨ ᠬᠤᠯᠪᠣᠭᠳᠠᠯ ᠪᠦᠬᠦᠢ ᠪᠤᠳᠠᠳᠤ ᠴᠣᠭᠴᠠ ᠳᠠᠬᠢ ᠭᠠᠳᠠᠭᠠᠳᠤ ᠤᠯᠤᠰ ᠤᠨ ᠠᠵᠢᠯᠲᠠᠨ᠂ ᠳᠠᠷᠤᠭ᠎ᠠ᠂ ᠳᠠᠰᠬᠠᠯᠵᠢᠭᠤᠯᠤᠭᠴᠢ ᠵᠢᠴᠢ ᠰᠤᠷᠭᠠᠭᠴᠢ ᠨᠠᠷ ᠳᠤᠮᠳᠠᠳᠤ ᠤᠯᠤᠰ ᠲᠤ ᠢᠷᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠮᠢᠶ᠎ᠠ ᠪᠦᠬᠦᠢ ᠠᠵᠢᠯ ᠢ ᠬᠢᠭᠡᠳ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ  ᠪᠠᠶᠢᠭᠤᠯᠬᠤ ᠺᠣᠮᠢᠰ ᠠᠴᠠ ᠣᠯᠭᠤᠭᠰᠠᠨ ᠪᠤᠶᠤ ᠮᠠᠭᠠᠳᠯᠠᠨ ᠲᠣᠭᠲᠠᠭᠠᠭᠰᠠᠨ ᠣᠷᠣᠯᠭ᠎ᠠ ᠠᠴᠠ ᠨᠡᠮᠡᠭᠳᠡᠯ ᠥᠷᠲᠡᠭ ᠤᠨ  ᠭᠠᠶᠢᠯᠢ ᠪᠠ ᠬᠤᠪᠢ ᠬᠥᠮᠦᠨ ᠤ ᠠᠰᠢᠭ ᠣᠷᠣᠯᠭ᠎ᠠ ᠶᠢᠨ  ᠭᠠᠶᠢᠯᠢ ᠲᠠᠲᠠᠪᠤᠷᠢᠯᠠᠬᠤ ᠦᠭᠡᠢ᠃     ᠭᠤᠷᠪᠠᠨ ᠰᠠᠯᠠᠭ᠎ᠠ ᠮᠥᠴᠢᠷ ᠲᠣᠳᠣᠷᠬᠠᠶ ᠲᠣᠭᠲᠠᠭᠠᠭᠰᠠᠨ ᠨᠢ᠂ ᠣᠯᠠᠨ ᠤᠯᠤᠰ ᠤᠨ ᠤᠯᠢᠮᠫᠢᠺ ᠤᠨ ᠵᠥᠪᠯᠡᠯ ᠵᠢᠴᠢ ᠲᠡᠭᠦᠨ ᠤ ᠬᠤᠯᠪᠣᠭᠳᠠᠯ ᠪᠦᠬᠦᠢ ᠪᠣᠳᠠᠲᠤ ᠴᠣᠭᠴᠠ ᠪᠤᠶᠤ ᠲᠡᠭᠦᠨ ᠤ ᠬᠢᠯᠢ ᠶᠢᠨ ᠳᠣᠲᠣᠷᠠᠬᠢ ᠪᠠᠶᠢᠭᠤᠯᠣᠮᠵᠢ ᠶᠢᠨ ᠭᠠᠳᠠᠭᠠᠳᠤ ᠠᠴᠠ ᠪᠠᠷᠠᠭ᠎ᠠ ᠣᠷᠣᠭᠤᠯᠬᠤ ᠲᠦᠷ ᠴᠠᠭ ᠤᠨ ᠠᠷᠭ᠎ᠠ ᠮᠠᠶ᠋ᠢᠭ ᠢᠶᠠᠷ ᠭᠠᠳᠠᠭᠠᠳᠤ ᠠᠴᠠ ᠣᠷᠣᠭᠤᠯᠤᠭᠰᠠᠨ ᠡᠳ᠋ ᠪᠣᠳᠠᠰ ᠢ ᠲᠣᠭᠲᠠᠭᠰᠠᠨ ᠴᠠᠭ ᠤᠨ ᠳᠣᠲᠣᠷ᠎ᠠ ᠳᠠᠬᠢᠨ ᠲᠡᠭᠡᠭᠡᠪᠦᠷᠢᠯᠡᠵᠦ ᠬᠢᠯᠢ ᠠᠴᠠ ᠭᠠᠷᠭᠠᠭᠰᠠᠨ ᠥᠬᠡᠶ  ᠪᠠᠶᠢᠪᠠᠯ᠂ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠪᠣᠭᠤᠮᠲᠠ ᠶᠢᠨ ᠣᠷᠣᠯᠠᠭᠰᠠᠨ ᠭᠠᠶᠢᠯᠢ ᠶᠢ ᠨᠥᠬᠦᠨ ᠲᠠᠲᠠᠪᠤᠷᠢᠯᠠᠬᠤ ᠬᠡᠷᠡᠭᠲᠡᠶ᠂ ᠡᠭᠦᠨ ᠳᠤ ᠭᠠᠳᠠᠭᠠᠳᠤ ᠠᠴᠠ ᠣᠷᠣᠭᠤᠯᠬᠤ ᠮᠠᠰᠢᠨ ᠲᠡᠷᠭᠡ ᠶᠢ ᠰᠢᠨ᠎ᠡ ᠲᠡᠷᠭᠡᠨ ᠤ 90%᠎ ᠶᠢᠨ ᠲᠤᠤᠷ᠎ᠠ ᠥᠬᠡᠶ ᠦᠨ᠎ᠡ ᠪᠠᠷ ᠦᠨᠡᠯᠡᠨ ᠪᠣᠳᠣᠵᠤ  ᠭᠠᠶᠢᠯᠢ ᠲᠠᠲᠠᠪᠤᠷᠢᠯᠠᠬᠤ ᠬᠡᠷᠡᠭᠲᠡᠶ᠂ ᠭᠡᠪᠡᠴᠦ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠰᠢᠭᠤᠳ ᠬᠡᠷᠡᠭᠯᠡᠭᠰᠡᠨ᠂ ᠡᠳ᠋ ᠪᠠᠷᠠᠭ᠎ᠠ ᠡᠪᠳᠡᠭᠳᠡᠵᠦ ᠰᠦᠢᠳᠦᠭᠰᠡᠨ ᠠᠴᠠ ᠳᠠᠬᠢᠨ ᠲᠡᠭᠡᠭᠡᠪᠦᠷᠢᠯᠡᠵᠦ ᠬᠢᠯᠢ ᠠᠴᠠ ᠭᠠᠷᠴᠤ ᠪᠣᠯᠬᠤ ᠥᠬᠡᠶ ᠪᠣᠯᠣᠭᠰᠠᠨ᠂ ᠲᠣᠭᠲᠠᠭᠠᠭᠰᠠᠨ  ᠪᠠᠶᠢᠭᠤᠯᠣᠮᠵᠢ᠂ ᠪᠣᠳᠠᠲᠤ ᠴᠣᠭᠴᠠ ᠳᠤ ᠦᠨ᠎ᠡ ᠲᠥᠯᠥᠪᠦᠷᠢ ᠦᠭᠡᠢ ᠪᠠᠷ ᠪᠡᠯᠡᠭᠯᠡᠨ ᠬᠦᠷᠭᠡᠭᠰᠡᠨ ᠵᠡᠷᠭᠡ ᠭᠤᠷᠪᠠᠨ ᠵᠦᠢᠯ ᠤᠨ  ᠪᠠᠶᠢᠳᠠᠯ ᠢ ᠪᠠᠭᠲᠠᠭᠠᠬᠤ ᠦᠭᠡᠢ ᠭᠡᠵᠡᠢ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号