ᠲᠥᠪ ᠎ ᠤᠨ ᠡᠳ᠋ ᠤᠨ ᠵᠠᠰᠠᠭ ᠠᠴᠠ ᠬᠤᠶᠠᠷ ᠵᠠᠭᠤ ᠲᠠᠪᠢ ᠭᠠᠷᠤᠶ ᠳ᠋ᠦᠩᠰᠢᠭᠤᠷ ᠲᠥᠭᠦᠷᠢᠭ ᠲᠣᠬᠢᠷᠠᠭᠤᠯᠵᠤ ᠠᠵᠢᠯ ᠮᠡᠷᠭᠡᠵᠢᠯ  ᠤᠨ ᠰᠤᠷᠭᠠᠨ ᠬᠥᠮᠦᠵᠢᠯ ᠎ ᠤᠨ ᠡᠯ᠎ᠡ ᠵᠦᠢᠯ  ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2020/8/7
    ᠨᠠᠮ ᠤᠨ  ᠲᠥᠪ  ᠬᠤᠷᠢᠶ᠎ᠠ᠂  ᠲᠥᠷᠥ ᠶᠢᠨ  ᠶᠠᠪᠤᠳᠠᠯ ᠤᠨ  ᠬᠤᠷᠢᠶᠠᠨ ᠤ  ᠰᠢᠢᠳᠪᠦᠷᠢᠲᠦ   ᠪᠣᠳᠣᠯᠭ᠎ᠠ ᠪᠠᠶᠢᠷᠢᠯᠠᠭᠤᠯᠤᠯᠲᠠ ᠶᠢ  ᠳᠣᠭᠤᠰᠢᠯᠠᠭᠤᠯᠵᠣ᠂  2020  ᠣᠨ ᠤ  ︽ᠵᠠᠰᠠᠭ ᠤᠨ  ᠣᠷᠳᠣᠨ ᠤ  ᠠᠵᠢᠯ ᠤᠨ   ᠢᠯᠡᠳᠬᠡᠯ︾᠎ ᠳᠤ ᠳᠤᠷᠠᠳᠤᠭᠰᠠᠨ ᠡᠨᠡ ᠵᠢᠯ ᠪᠠ ᠢᠷᠡᠬᠦ ᠵᠢᠯ ᠳᠤ ᠲᠡᠭᠡᠲᠦ ᠵᠡᠷᠭᠡ ᠶᠢᠨ ᠠᠵᠢᠯ  ᠮᠡᠷᠭᠡᠵᠢᠯ ᠤᠨ  ᠰᠤᠷᠭᠠᠭᠤᠯᠢ ᠳᠤ 200  ᠲᠦᠮᠡᠨ ᠬᠥᠮᠦᠨ  ᠥᠷᠭᠡᠳᠬᠡᠨ  ᠡᠯᠰᠡᠬᠦ  ᠡᠭᠦᠷᠭᠡ ᠶᠢ  ᠨᠠᠶᠢᠳᠠᠪᠤᠷᠢᠵᠢᠭᠤᠯᠬᠤ ᠶᠢᠨ  ᠲᠦᠯᠦᠭᠡ᠂  ᠣᠶᠢᠷ᠎ᠠ ᠳᠤ  ᠲᠥᠪ ᠤᠨ ᠡᠳ᠋ ᠤᠨ ᠵᠠᠰᠠᠭ ᠠᠴᠠ  ᠣᠳᠣ  ᠦᠶ᠎ᠡ ᠶᠢᠨ  ᠠᠵᠢᠯ  ᠮᠡᠷᠭᠡᠵᠢᠯ ᠤᠨ  ᠰᠤᠷᠭᠠᠨ  ᠬᠥᠮᠦᠵᠢᠯ ᠤᠨ ᠶᠠᠰᠤ ᠴᠢᠨᠠᠷ ᠢ  ᠳᠡᠭᠡᠭᠰᠢᠯᠡᠭᠦᠯᠬᠦ ᠲᠥᠯᠥᠪᠯᠡᠭᠡ ᠶᠢᠨ ᠪᠡᠯᠡ ᠮᠥᠩᠭᠦ ᠶᠢ 257.11 ᠳ᠋ᠦᠩᠰᠢᠭᠤᠷ ᠲᠥᠭᠦᠷᠢᠭ ᠰᠠᠯᠭᠠᠨ ᠦᠭᠴᠦ᠂ ᠲᠦᠷᠦᠭᠦᠤ ᠵᠢᠯ ᠤᠨ ᠬᠢ ᠠᠴᠠ19.9 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 8.4%᠎ ᠪᠠᠷ ᠨᠡᠮᠡᠭᠳᠡᠭᠦᠯᠵᠦ᠂ ᠣᠷᠣᠨ ᠨᠤᠲᠤᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠳ᠋ ᠤᠨ ᠵᠠᠰᠠᠭ ᠠᠴᠠ ᠳᠡᠮᠵᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠯ᠎ᠡ ᠵᠦᠢᠯ  ᠤᠨ ᠥᠭᠡᠷᠡᠴᠢᠯᠡᠯᠲᠡ  ᠶᠢᠨ ᠪᠠᠶᠢᠷᠢᠯᠠᠭᠤᠯᠤᠯᠲᠠ ᠎ ᠶᠢ  ᠨᠠᠶᠢᠳᠠᠪᠤᠷᠢᠵᠢᠭᠤᠯᠬᠤ ᠶᠢ  ᠬᠦᠲᠦᠯᠦᠨ‌ᠵᠢᠯᠤᠭᠤᠳᠪᠠ᠃             ᠡᠳ᠋ ᠤᠨ ᠵᠠᠰᠠᠭ ᠤᠨ ᠶᠠᠮᠤᠨ ᠤ ᠬᠢᠨ ᠢᠯᠡᠷᠭᠡᠶᠢᠯᠡᠭᠦ ᠳᠡᠭᠡᠨ᠂ ᠡᠯ᠎ᠡ ᠭᠠᠵᠠᠷ ᠤᠨ ᠬᠢᠨ ᠤ ᠲᠡᠭᠡᠲᠦ ᠵᠡᠷᠭᠡ ᠶᠢᠨ  ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠪᠦᠷᠢ ᠶᠢᠨ ᠲᠤᠮᠳᠠᠴᠢ ᠵᠤᠭᠤᠰ ᠰᠠᠯᠭᠠᠨ ᠥᠭᠬᠦ  ᠳᠦᠷᠢᠮ ᠢ  ᠲᠡᠭᠦᠯᠳᠡᠷᠵᠢᠭᠦᠯᠵᠦ᠂ ᠳᠤᠮᠳᠠ  ᠵᠡᠷᠭᠡ ᠶᠢᠨ  ᠠᠵᠢᠯ  ᠮᠡᠷᠭᠡᠵᠢᠯ ᠤᠨ  ᠰᠤᠷᠭᠠᠭᠤᠯᠢ ᠶᠢᠨ  ᠰᠤᠷᠭᠠᠭᠤᠯᠢ ᠡᠷᠬᠢᠯᠡᠬᠦ  ᠦᠨᠳᠦᠰᠦᠨ  ᠨᠥᠬᠦᠴᠡᠯ ᠢ ᠰᠠᠶᠢᠵᠢᠷᠠᠭᠤᠯᠵᠤ᠂ ︽ᠬᠤᠤᠰ ᠪᠠᠭᠰᠢ ᠶᠢᠨ ᠬᠡᠯᠪᠡᠷᠢ︾᠎ ᠶᠢᠨ  ᠪᠠᠭᠰᠢ ᠶᠢᠨ  ᠡᠩᠨᠡᠭᠡᠨ ᠤ  ᠪᠠᠶᠢᠭᠤᠯᠤᠯᠲᠠ ᠶᠢ  ᠴᠢᠩᠭᠠᠳᠬᠠᠬᠤ ᠶᠢ ᠦᠷᠭᠦᠯᠵᠢᠯᠡᠨ ᠳᠡᠮᠵᠢᠬᠦ ᠶᠢᠨ ᠬᠠᠮᠲᠤ ᠡᠯ᠎ᠡ ᠭᠠᠵᠠᠷ ᠤᠨ ᠬᠢᠨ 1+X ᠦᠨᠡᠮᠯᠡᠯ ᠤᠨ ᠳᠦᠷᠢᠮ ᠤᠨ ᠲᠤᠷᠰᠢᠯᠲᠠ᠂  ᠳᠤᠮᠳᠠᠳᠤ ᠤᠯᠤᠰ ᠤᠨ ᠣᠨᠴᠠᠯᠢᠭ ᠲᠠᠢ ᠥᠨᠳᠥᠷ ᠬᠢᠷᠢ ᠲᠦᠪᠰᠢᠨ ᠪᠦᠬᠦᠢ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ  ᠲᠤᠰᠬᠠᠶ  ᠮᠡᠷᠭᠡᠵᠢᠯ ᠤᠨ  ᠪᠠᠶᠢᠭᠤᠯᠤᠯᠲᠠ ᠶᠢᠨ  ᠲᠥᠯᠥᠪᠯᠡᠭᠡ  ᠵᠡᠷᠭᠡ  ᠠᠵᠢᠯ ᠢ  ᠠᠬᠢᠭᠤᠯᠬᠤ ᠳᠤ  ᠨᠢᠭᠡᠳᠦᠯᠲᠡᠶ  ᠲᠥᠯᠥᠪᠯᠡᠨ ᠬᠡᠷᠡᠭᠯᠡᠨ᠎ᠡ᠃ ᠪᠡᠯᠡ  ᠮᠥᠩᠭᠦ  ᠬᠤᠪᠢᠶᠠᠷᠢᠯᠠᠬᠤ  ᠦᠶᠡᠰ᠂  ᠰᠤᠷᠭᠠᠭᠤᠯᠢ ᠳᠤ  ᠪᠠᠶᠢᠭ᠎ᠠ  ᠰᠣᠷᠣᠭᠴᠢ ᠶᠢᠨ  ᠲᠤᠭ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ  ᠥᠷᠭᠡᠳᠬᠡᠨ  ᠡᠯᠰᠡᠬᠦ  ᠬᠥᠮᠦᠨ ᠤ  ᠲᠤᠭ᠎ᠠ  ᠵᠡᠷᠭᠡ  ᠬᠦᠴᠦᠨ  ᠵᠦᠢᠯ ᠢ ᠪᠣᠳᠣᠯᠬᠢᠯᠠᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪᠴᠢᠶ᠎ᠡ ᠨᠡᠯᠢᠶᠡᠳ  ᠶᠡᠭᠡ᠂  ᠥᠷᠭᠡᠳᠬᠡᠨ  ᠡᠯᠰᠡᠬᠦ  ᠡᠭᠦᠷᠭᠡ ᠶᠢ ᠨᠡᠯᠢᠶᠡᠳ ᠣᠯᠠᠨ ᠡᠭᠦᠷᠭᠡᠯᠡᠵᠦ ᠪᠠᠶᠢᠭ᠎ᠠ ᠮᠤᠵᠢ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠭᠦᠨ ᠤ ᠬᠠᠮᠲᠤ  ᠪᠡᠯᠡ ᠮᠥᠩᠭᠦ ᠶᠢᠨ  ᠲᠣᠬᠢᠷᠠᠭᠤᠯᠤᠯᠲᠠ ᠶᠢ  ᠦᠷᠭᠦᠯᠵᠢᠯᠡᠨ  ᠬᠦᠴᠢᠷᠳᠡᠯᠲᠡᠶ  ᠭᠠᠵᠠᠷ  ᠣᠷᠣᠨ  ᠪᠠ  ᠪᠠᠭᠤᠷᠠᠶ  ᠭᠤᠬᠴᠤᠭ᠎ᠠ ᠲᠡᠰᠢ ᠬᠡᠯᠪᠠᠶᠢᠯᠭᠡᠵᠦ᠂ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠷ ᠥᠨᠳᠥᠷ᠂ ᠰᠤᠷᠭᠠᠭᠤᠯᠢ ᠡᠷᠭᠢᠯᠡᠬᠦ  ᠣᠨᠴᠠᠯᠢᠭ ᠢᠶᠠᠷ  ᠢᠯᠡ  ᠲᠣᠳᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠰᠢ ᠬᠡᠯᠪᠠᠶᠢᠯᠭᠡᠬᠦ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ  ᠪᠠᠴᠢᠮ ᠬᠡᠷᠡᠭᠰᠡᠬᠦ ᠣᠨᠴᠠ ᠬᠡᠷᠡᠭᠴᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠰᠠᠶᠢᠲᠤᠷ ᠬᠢᠬᠦ ᠶᠢ ᠳᠡᠮᠵᠢᠨ᠎ᠡ ᠭᠡᠪᠡ᠃  ᠪᠦᠷᠢᠳᠬᠡᠯ ᠢ ᠦᠨᠳᠦᠰᠦᠯᠡᠪᠡᠯ᠂  ︽ᠠᠷᠪᠠᠨ  ᠭᠤᠷᠪᠠᠳᠤᠭᠠᠷ  ᠲᠠᠪᠤᠨ  ᠵᠢᠯ︾᠎ ᠤᠨ  ᠬᠤᠭᠤᠴᠠᠭᠠᠨ ᠳᠤ  ᠲᠥᠪ ᠤᠨ ᠡᠳ᠋ ᠤᠨ ᠵᠠᠰᠠᠭ ᠠᠴᠠ ᠤᠳᠤ ᠦᠶ᠎ᠡ ᠶᠢᠨ ᠠᠵᠢᠯ ᠮᠡᠷᠭᠡᠵᠢᠯ ᠤᠨ  ᠰᠤᠷᠭᠠᠨ  ᠬᠥᠮᠦᠵᠢᠯ ᠤᠨ  ᠶᠠᠰᠤ  ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ ᠪᠡᠯᠡ ᠮᠥᠩᠭᠦ ᠶᠢ ᠨᠡᠶᠢᠳᠡ 1292.68  ᠳ᠋ᠦᠩᠰᠢᠭᠤᠷ  ᠲᠥᠭᠦᠷᠢᠭ  ᠲᠣᠬᠢᠷᠠᠭᠤᠯᠵᠤ᠂  ᠵᠢᠯ  ᠪᠦᠷᠢ ᠳᠤᠮᠳᠠᠴᠢ ᠪᠠᠷ 9.8%᠎ ᠪᠠᠷ ᠨᠡᠮᠡᠭᠳᠡᠭᠦᠯᠪᠡ᠃ ᠣᠳᠣᠬᠠᠨ ᠪᠣᠯᠲᠠᠯ᠎ᠠ᠂ ᠡᠯ᠎ᠡ ᠮᠤᠵᠢ ᠶᠢᠨ ᠬᠢᠨ ᠴᠥᠮ ᠲᠤᠮᠳᠠ  ᠵᠡᠷᠭᠡ ᠶᠢᠨ  ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ  ᠪᠦᠷᠢ ᠶᠢᠨ  ᠲᠤᠮᠳᠠᠴᠢ  ᠵᠣᠭᠤᠰ  ᠰᠠᠯᠭᠠᠨ  ᠥᠭᠬᠦ ᠲᠦᠷᠢᠮ ᠢ  ᠪᠠᠶᠢᠭᠤᠯᠵᠤ᠂  ᠳᠡᠭᠡᠳᠦ  ᠵᠡᠷᠭᠡ ᠶᠢᠨ  ᠠᠵᠢᠯ  ᠮᠡᠷᠭᠡᠵᠢᠯ ᠤᠨ  ᠰᠤᠷᠭᠠᠭᠤᠯᠢ ᠶᠢᠨ  ᠰᠤᠷᠤᠭᠴᠢ  ᠨᠢᠭᠡ  ᠪᠦᠷᠢ ᠳᠤ ᠳᠤᠮᠳᠠᠴᠢ ᠪᠠᠷ ᠰᠠᠯᠭᠠᠨ ᠦᠭᠭᠦ ᠵᠤᠭᠤᠰ ᠢ 12000 ᠲᠥᠭᠦᠷᠢᠭ ᠠᠴᠠ ᠲᠤᠤᠷ᠎ᠠ ᠦᠭᠡᠢ ᠪᠠᠶᠢᠯᠭᠠᠵᠤ᠂ ᠠᠵᠢᠯ  ᠮᠡᠷᠭᠡᠵᠢᠯ ‍ᠤᠨ‌‍ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ  ᠴᠢᠳᠠᠪᠤᠷᠢ  ᠪᠠ  ᠨᠡᠶᠢᠭᠡᠮ ᠤᠨ  ᠲᠠᠲᠠᠬᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号