ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/9/14
                              ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠤᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠪᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠨᠢ 2020 ᠤᠨ ᠤ 9 ᠳ᠋ᠦ᠋ᠭᠡᠷ ᠰᠠᠷ᠎ᠠ ᠶᠢᠨ 7 ᠤ ᠡᠳᠦᠷ ᠠᠴᠠ 11 ᠳ᠋ᠦ᠋ᠭᠡᠷ ᠰᠠᠷ᠎ᠠ ᠶᠢᠨ 20 ᠤ ᠡᠳᠦᠷ ᠪᠤᠯᠲᠠᠯ᠎ᠠ᠂ ᠰᠢᠯᠢ ᠶᠢᠨ ᠭᠤᠤᠯ ᠠᠶᠢᠮᠠᠭ ᠤᠨ ᠠᠷᠠᠯᠵᠢᠶ᠎ᠡ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠲᠤᠬᠠᠢ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠦᠷᠨᠢᠭᠦᠯᠬᠦ ᠪᠤᠯᠤᠨ᠎ᠠ᠃     ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠳᠤᠭᠤᠶᠢᠯᠠᠩ ᠨᠢ ᠭᠤᠤᠯᠳᠠᠯᠭ᠎ᠠ  ᠲᠠᠢ ᠪᠠᠷ ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠯᠵᠢᠶ᠎ᠡ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠲᠤᠬᠠᠢ ᠴᠢᠬᠤᠯᠨ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠤᠯ ᠴᠤᠭᠴᠠᠲᠤ ᠬᠠᠷᠢᠭᠤᠴᠠᠯᠭ᠎ᠠ ᠪᠠ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠨᠡᠶᠢᠲᠡ ᠶᠢᠨ ᠦᠢᠯᠡᠴᠢᠯᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠡᠭᠴᠡᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠶᠢᠨ ᠲᠤᠭᠤᠷᠢᠨ ᠳᠤ ᠬᠢᠨᠠᠨ  ᠪᠠᠶᠢᠴᠠᠭᠠᠯᠲᠠ ᠦᠷᠨᠢᠭᠦᠯᠵᠦ᠂ ᠭᠤᠤᠯᠳᠠᠭᠤ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠤᠷᠤᠨ︶ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠪᠠᠶᠢᠭᠤᠯᠭ᠎ᠠ ᠰᠠᠯᠠᠭ᠎ᠠ ᠮᠦᠴᠢᠷ ᠨᠢᠭᠡᠴᠡ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠴᠢᠬᠤᠯᠨ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ᠂ ᠣᠳᠠᠰᠣ᠂ ᠰᠤᠷᠪᠤᠯᠵᠢᠯᠠᠭ᠎ᠠ ᠶᠢ ᠬᠦᠯᠢᠶᠡᠨ ᠰᠢᠢᠳᠪᠦᠷᠢᠯᠡᠨ᠎ᠠ᠂ ᠭᠤᠤᠯᠳᠠᠭᠤ‌ᠠᠷᠠᠯᠵᠢᠶ᠎ᠡ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠶᠠᠪᠤᠴᠠ ᠳᠤ ᠤᠷᠤᠰᠢᠵᠤ ᠪᠠᠶᠢᠭ᠎ᠠ ᠤᠯᠤᠰ ᠲᠦᠷᠦ ᠶᠢᠨ ᠰᠠᠬᠢᠯᠭ᠎ᠠ ᠪᠠᠲᠤ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠭᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢ ᠵᠦᠷᠢᠴᠡᠭᠰᠡᠨ ᠢᠯᠡᠴᠢᠯᠡᠯᠲᠡ ᠪᠠ ᠲᠤᠰᠬᠠᠯ ᠪᠤᠯᠤᠨ᠎ᠠ᠃  ᠲᠣᠰ ᠣᠳᠠᠭᠠᠨ ᠤ ᠲᠤᠭᠤᠷᠢᠨ ᠪᠠᠶᠢᠴᠠᠭᠠᠯᠲᠠ ᠶᠢᠨ ᠬᠦᠷᠢᠶ᠎ᠡ ᠬᠡᠪᠴᠢᠶᠡᠨ ᠳᠤ ᠦᠯᠦ ᠪᠠᠭᠲᠠᠬᠤ ᠪᠣᠰᠣᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠲᠠᠭᠠᠯ ᠶᠤᠰᠤᠭᠠᠷ ᠬᠠᠮᠢᠶ᠎ᠠ ᠪᠦᠬᠦᠢ ᠲᠠᠯ᠎ᠠ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠬᠦ ᠪᠤᠯᠤᠨ᠎ᠠ᠃     ᠲᠤᠭᠤᠷᠢᠨ ᠪᠠᠶᠢᠴᠠᠭᠠᠬᠤ ᠳᠤᠭᠤᠶᠢᠯᠠᠩ ᠨᠢ ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠢ ᠵᠢᠵᠢᠭᠦᠷᠯᠡᠬᠦ ᠤᠲᠠᠰᠤ ᠲᠤᠬᠢᠷᠠᠭᠤᠯᠪᠠ᠄ 0479-8285318 ︵ᠬᠦᠯᠢᠶᠡᠨ ᠠᠪᠬᠤ ᠴᠠᠭ᠄ ᠦᠳᠡ ᠶᠢᠨ ᠡᠮᠦᠨᠡᠬᠢ 8᠄ 30 — ᠦᠳᠡ ᠶᠢᠨ ᠬᠤᠶᠢᠨᠠᠬᠢ18᠄ 00︶︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨA009 ᠰᠢᠤᠳᠠᠨ︔ ᠲᠤᠰᠬᠠᠢ ᠡᠯᠧᠺᠲᠷᠦᠨ ᠵᠠᠬᠢᠳᠠᠯ ᠤᠨ ᠬᠠᠶᠢᠷᠴᠠᠭ᠄ nmgdwxs@163.com︔ ᠬᠠᠷᠢᠯᠴᠠᠬᠤ ᠵᠠᠬᠢᠳᠠᠯ ᠤᠨ ᠬᠠᠶᠢᠷᠴᠠᠭ᠄    ⒈ ᠰᠢᠯᠢ ᠶᠢᠨ ᠬᠤᠲᠠ ᠶᠢᠨ ᠱᠠᠩᠬᠠᠢ ᠵᠠᠮ ᠤᠨ ᠳᠡᠭᠡᠳᠦ ᠨᠡᠶᠢᠰᠯᠡᠯ ᠬᠦᠷᠢᠶᠡᠯᠡᠩ ᠤᠨ ᠵᠤᠴᠢᠳ ᠤᠨ ᠪᠠᠭᠤᠳᠠᠯ ᠤᠨ ᠵᠡᠭᠦᠨ ᠡᠭᠦᠳᠡ︔⒉ ᠰᠢᠯᠢ ᠶᠢᠨ ᠭᠤᠤᠯ ᠠᠶᠢᠮᠠᠭ ᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ ᠤᠨ ᠵᠡᠭᠦᠨ ᠲᠠᠯ᠎ᠠ ᠶᠢᠨ ᠨᠡᠶᠢᠲᠡ ᠶᠢᠨ ᠮᠠᠰᠢᠨ ᠤ ᠵᠤᠭᠰᠤᠭᠠᠯ︔⒊ ᠰᠢᠯᠢ ᠶᠢᠨ ᠭᠤᠤᠯ ᠠᠶᠢᠮᠠᠭ ᠤᠨ ᠨᠠᠮ ᠵᠠᠰᠠᠭ ᠤᠨ ᠠᠰᠠᠷ ᠤᠨ ᠪᠠᠷᠠᠭᠤᠨ ᠲᠠᠯ᠎ᠠ ᠶᠢᠨ ᠲᠤᠮᠤ ᠡᠭᠦᠳᠡ︔⒋ ᠰᠢᠯᠢ ᠶᠢᠨ ᠬᠤᠲᠠ ᠶᠢᠨ ᠮᠤᠩᠭᠤᠯ ᠶᠤᠸᠠᠨ ᠤ ᠰᠤᠶᠤᠯ ᠤᠨ ᠠᠭᠤᠳᠠᠮ ᠲᠠᠯᠠᠪᠠᠢ ᠶᠢᠨ ᠵᠡᠭᠦᠨ ᠡᠮᠦᠨ᠎ᠡ ᠲᠠᠯ᠎ᠠ ᠶᠢᠨ ᠡᠭᠦᠳᠡ︔⒌ ᠰᠢᠯᠢ ᠶᠢᠨ ᠬᠤᠲᠠ ᠶᠢᠨ ᠪᠦᠯᠬᠦᠮᠳᠡᠯ ᠵᠡᠭᠡᠯᠢ ᠶᠢᠨ ᠰᠢᠯᠢ ᠶᠢᠨ ᠠᠭᠤᠳᠠᠮ ᠲᠠᠯᠠᠪᠠᠢ ᠶᠢᠨ ᠵᠡᠭᠦᠨ ᠬᠤᠶᠢᠲᠤ ᠦᠨᠴᠦᠭ ᠤᠨ ᠵᠢᠵᠢᠭᠦᠷ ᠤᠨ ᠭᠡᠷ ᠤᠨ ᠡᠮᠦᠨ᠎ᠡ ᠬᠡᠷᠡᠮ︔⒍ ᠰᠢᠯᠢ ᠶᠢᠨ ᠬᠤᠲᠠ ᠶᠢᠨ ᠪᠢᠨ ᠾᠧ ᠵᠠᠮ ᠤᠨ ᠨᠡᠶᠢᠭᠡᠮ ᠵᠢᠷᠤᠮᠲᠦ ᠦᠷᠲᠡᠭ ᠤᠨ ᠦᠵᠡᠯᠲᠡ ᠶᠢᠨ ᠠᠭᠤᠳᠠᠮ ᠲᠠᠯᠠᠪᠠᠢ ᠶᠢᠨ ᠪᠠᠷᠠᠭᠤᠨ ᠲᠠᠯ᠎ᠠ ᠶᠢᠨ ᠬᠦᠮᠦᠷᠭᠡ ᠶᠢᠨ ᠵᠡᠭᠦᠨ ᠬᠡᠷᠡᠮ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠬᠦ ᠭᠠᠵᠠᠷ᠄ ᠰᠢᠯᠢ ᠶᠢᠨ ᠬᠤᠲᠠ ᠶᠢᠨ ᠳᠡᠭᠡᠳᠦ ᠨᠡᠶᠢᠰᠯᠡᠯ ᠬᠦᠷᠢᠶᠡᠯᠡᠩ ᠤᠨ ᠵᠤᠴᠢᠳ ᠤᠨ ᠪᠠᠭᠤᠳᠠᠯ ᠤᠨ ᠪᠠᠷᠠᠭᠤᠨ ᠡᠭᠦᠳᠡᠨ ᠤ ᠶᠡᠷᠦᠩᠬᠡᠶᠢᠯᠡᠭᠰᠡᠨ ᠠᠰᠠᠷ ᠤᠨ ᠨᠢᠭᠡᠳᠦᠭᠡᠷ ᠳᠠᠪᠬᠤᠷᠯᠢᠭ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠡᠷ ︵ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠤ ᠲᠦᠪ ᠤᠨ ᠵᠡᠭᠦᠨ ᠲᠠᠯ᠎ᠠ︶᠃ ᠦᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ᠂ ᠣᠳᠠᠰᠣ᠂ ᠰᠤᠷᠪᠤᠯᠵᠢᠯᠠᠭ᠎ᠠ ᠶᠢᠨ ᠬᠡᠯᠪᠡᠷᠢ ᠪᠠᠷ ᠲᠤᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢᠶᠠᠨ ᠦᠨᠡᠨ ᠪᠤᠳᠠᠲᠠᠢ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ 11 ᠳ᠋ᠦ᠋ᠭᠡᠷ ᠰᠠᠷ᠎ᠠ ᠶᠢᠨ15 ᠤ ᠡᠳᠦᠷ ᠪᠤᠯᠲᠠᠯ᠎ᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃                                                               ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ               ᠲᠦᠷᠪᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ               2020 ᠤᠨ ᠤ 9 ᠳ᠋ᠦ᠋ᠭᠡᠷ ᠰᠠᠷ᠎ᠠ ᠶᠢᠨ 7 ᠤ ᠡᠳᠦᠷ
 
ᠢᠷᠡᠯᠲᠡ᠄ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号