ᠦᠪ ᠰᠤᠶᠤᠯ ᠢᠶᠠᠨ ᠤᠯᠠᠮᠵᠢᠯᠠᠵᠤ ᠤᠶᠤᠨ ᠤᠬᠠᠭᠠᠨ ᠢᠶᠠᠨ ᠤᠮᠳᠠᠯᠠᠶ᠎ᠠ
ᠨᠡᠶᠢᠲᠡᠯᠡᠭᠰᠡᠨ ᠴᠠᠭ᠄
2020/9/16
    ᠮᠠᠯᠵᠢᠬᠤ ᠤᠷᠤᠨ ᠤ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠪᠤᠯ ᠡᠷᠳᠡᠨ ᠤ ᠬᠢ ᠶᠢ ᠲᠤᠩᠰᠤᠯᠭᠠᠨ ᠡᠳᠦᠬᠡᠬᠢ ᠶᠢ ᠬᠡᠶᠢᠬᠦᠯᠦᠭᠰᠡᠨ ᠠᠭᠤᠤ ᠶᠡᠭᠡ ᠦᠢᠯᠡᠰ ᠮᠦᠨ᠂ ᠠᠭᠤᠤ ᠶᠡᠭᠡ ᠦᠢᠯᠡᠰ ᠢ ᠪᠡᠶᠡᠯᠡᠬᠦᠯᠬᠦ ᠳᠤ ᠶᠠᠨᠳᠠᠰᠢ ᠦᠬᠡᠢ ᠤᠶᠤᠨ ᠤᠬᠠᠭᠠᠨ ᠲᠠᠢ ᠪᠠᠶᠢᠬᠤ ᠤᠴᠢᠷᠳᠠᠢ᠃ ᠤᠶᠤᠨ ᠤᠬᠠᠭᠠᠨ ᠦᠪ ᠰᠤᠶᠤᠯ ᠢᠶᠠᠷ ᠰᠢᠮᠡᠵᠢᠳᠡᠭ᠂ ᠬᠤᠷ᠎ᠠ ᠪᠤᠷᠤᠭᠠᠨ ᠤ ᠰᠢᠮ᠎ᠠ ᠠᠭᠠᠷ ᠲᠡᠭᠷᠢ ᠠᠴᠠ ᠪᠠᠭᠤᠬᠤ ᠦᠬᠡᠢ ᠪᠤᠯ ᠬᠠᠶᠢᠳᠠᠩ ᠯᠢᠩᠬᠸ᠎ᠠ ᠴᠡᠴᠡᠭ ᠦᠪᠡᠷ ᠢᠶᠠᠨ ᠲᠠᠯᠬᠡᠷᠡᠳᠡᠭ ᠦᠬᠡᠢ ᠰᠢᠭ ᠦᠪ ᠰᠤᠶᠤᠯ ᠢᠶᠠᠨ ᠬᠠᠮᠠᠭᠠᠯᠠᠵᠤ ᠤᠯᠠᠮᠵᠢᠯᠠᠬᠤ ᠦᠬᠡᠢ ᠪᠤᠯ ᠤᠶᠤᠨ ᠤᠬᠠᠭᠠᠨ ᠴᠦ ᠦᠪᠡᠷ ᠢᠶᠠᠨ ︽ᠲᠠᠯᠬᠡᠷᠡᠳᠡᠭ ᠦᠬᠡᠢ︾᠂ ᠦᠪ ᠰᠤᠶᠤᠯ ᠢᠶᠠᠨ ᠬᠠᠮᠠᠭᠠᠯᠠᠵᠤ ᠤᠯᠠᠮᠵᠢᠯᠠᠬᠤ ᠪᠤᠯ ᠡᠬᠦᠷᠢᠳᠡ ᠶᠢᠨ ᠪᠠᠷᠢᠮᠳᠠᠯᠠᠯ ᠶᠤᠮᠰᠠᠨ᠃     ᠨᠡᠬᠦᠳᠡᠯ ᠮᠠᠯᠵᠢᠯ ᠤᠨ ᠰᠤᠶᠤᠯ ᠢᠶᠠᠷ ᠭᠤᠤᠯ ᠠᠭᠤᠯᠭ᠎ᠠ ᠪᠠᠨ ᠪᠤᠯᠭᠠᠭᠰᠠᠨ ᠲᠠᠯ᠎ᠠ ᠨᠤᠳᠤᠭ ᠤᠨ ᠰᠤᠶᠤᠯ ᠪᠤᠯ ᠮᠠᠯᠵᠢᠬᠤ ᠤᠷᠤᠨ ᠤ ᠬᠠᠮᠤᠭ ᠤᠨ ᠡᠷᠬᠢᠮ ᠨᠠᠨᠳᠢᠨ᠂ ᠬᠠᠮᠤᠭ ᠤᠨ ᠬᠤᠪᠤᠷ ᠴᠤᠬᠠᠭ᠂ ᠬᠠᠮᠤᠭ ᠤᠨ ᠦᠨ᠎ᠠ ᠦᠷᠳᠡᠭ ᠲᠠᠢ ᠦᠪ ᠰᠤᠶᠤᠯ ᠮᠦᠨ᠃ ᠦᠪᠤᠷ ᠮᠤᠩᠭᠤᠯ ᠤᠨ ᠦᠨᠳᠦᠷᠯᠢᠭ ᠪᠤᠯ ᠨᠡᠬᠦᠳᠡᠯ ᠮᠠᠯᠵᠢᠯ ᠤᠨ ᠰᠤᠶᠤᠯ ᠤᠨ ᠲᠠᠷᠬᠠᠨ ᠦᠯᠦᠬᠡᠢ ᠶᠤᠮ᠂ ᠡᠪᠦᠭᠡ ᠲᠡᠬᠡᠳᠤᠰ ᠠᠴᠠ ᠮᠠᠨᠤᠰ ᠲᠤ ᠡᠬᠡ ᠪᠠᠶᠢᠭᠠᠯᠢ ᠪᠠᠨ ᠲᠡᠬᠡᠳᠤᠯᠡᠵᠤ᠂ ᠠᠮᠢ ᠠᠬᠤᠢ ᠤᠷᠴᠢᠨ ᠲᠤᠭᠤᠷᠢᠨ ᠢᠶᠠᠨ ᠬᠠᠶᠢᠷᠠᠯᠠᠵᠤ᠂ ᠮᠠᠯ ᠪᠡᠯᠴᠢᠬᠡᠷ ᠤᠨ ᠲᠠᠩᠴᠡᠬᠦᠷᠢ ᠪᠠᠷ ᠨᠡᠬᠦᠳᠡᠯᠯᠡᠨ ᠮᠠᠯᠵᠢᠬᠤ ᠪᠤᠶᠤ ᠤᠯᠠᠷᠢᠯ ᠤᠨ ᠪᠡᠯᠴᠢᠬᠡᠷ ᠬᠤᠪᠢᠶᠠᠨ ᠰᠡᠯᠬᠦᠨ ᠮᠠᠯᠵᠢᠬᠤ ᠬᠡᠷᠡᠯ ᠰᠠᠴᠤᠷᠠᠩᠭᠤᠢ ᠨᠡᠬᠦᠳᠡᠯ ᠮᠠᠯᠵᠢᠯ ᠤᠨ ᠰᠤᠶᠤᠯ ᠢ ᠦᠯᠡᠳᠡᠬᠡᠵᠠᠢ᠃ ᠡᠨᠡ ᠬᠦ ᠦᠪ ᠰᠤᠶᠤᠯ ᠢᠶᠠᠨ ᠦᠶ᠎ᠠ ᠲᠠᠮᠵᠢᠭᠤᠯᠤᠨ ᠤᠯᠠᠮᠵᠢᠯᠠᠵᠤ ᠢᠷᠡᠭᠰᠡᠨ ᠠᠴᠠ ᠲᠠᠯ᠎ᠠ ᠨᠤᠳᠤᠭ ᠤᠨ ᠮᠠᠯᠴᠢᠨ ᠲᠦᠮᠡᠨ ᠮᠠᠨᠢ ᠦᠵᠡᠰᠬᠦᠯᠡᠩᠳᠤ ᠰᠠᠶᠢᠬᠠᠨ ᠨᠤᠳᠤᠭ ᠤᠰᠤ ᠪᠠᠨ ᠦᠵᠡᠬᠦ ᠨᠢᠳᠤ ᠪᠠᠨ ᠰᠢᠭ ᠬᠠᠶᠢᠷᠠᠯᠠᠨ ᠬᠠᠮᠠᠭᠠᠯᠠᠵᠤ᠂ ᠨᠡᠬᠦᠳᠡᠯ ᠪᠠᠭᠤᠳᠠᠯ ᠬᠢᠵᠤ ᠤᠷᠤᠨ ᠪᠠᠭᠤᠴᠠ ᠵᠠᠰᠠᠬᠤ ᠠᠴᠠ ᠭᠠᠯ ᠲᠤᠯᠭ᠎ᠠ ᠲᠠᠯᠪᠢᠬᠤ᠂ ᠭᠠᠵᠠᠷ ᠨᠤᠳᠤᠭ ᠰᠢᠯᠵᠢᠬᠦ ᠳᠤ ᠪᠠᠨ ᠬᠦᠷᠳᠡᠯ᠎ᠠ ᠴᠦᠮ ᠪᠡᠯᠴᠢᠬᠡᠷ ᠨᠤᠳᠤᠭ ᠢᠶᠠᠨ ᠡᠪᠳᠡᠬᠦ ᠶᠢ ᠬᠢᠴᠢᠶᠡᠵᠤ᠂ ᠠᠮᠢᠳᠠᠨ ᠤᠷᠭᠤᠮᠠᠯ ᠢ ᠬᠦᠨᠦᠬᠡᠨ ᠦᠨᠳᠤᠰᠤ ᠤᠭᠰᠠᠭ᠎ᠠ ᠶᠢ ᠨᠢ ᠲᠠᠰᠤᠯᠬᠤ ᠶᠢ ᠴᠡᠬᠡᠷᠯᠡᠵᠤ᠂ ᠶᠠᠪᠤᠵᠤ ᠰᠠᠭᠤᠬᠤ ᠪᠦᠬᠦᠨ ᠳᠤ ᠪᠠᠨ ᠤᠷᠤᠨ ᠪᠠᠶᠢᠷᠢ ᠪᠠᠨ ᠴᠡᠪᠡᠷᠯᠡᠨ ᠬᠤᠭ ᠨᠤᠪᠰᠢ ᠪᠠᠨ ᠲᠠᠷᠤᠵᠤ ᠬᠤᠩᠬᠤᠷ ᠬᠦᠳᠦᠬᠦᠷ ᠢ ᠲᠡᠭᠰᠢᠯᠡᠵᠤ ᠲᠠᠯᠪᠢᠳᠠᠭ ᠰᠠᠨ᠃ ᠨᠡᠬᠦᠳᠡᠯ ᠮᠠᠯᠵᠢᠯ ᠪᠤᠯ ᠡᠬᠡ ᠪᠠᠶᠢᠭᠠᠯᠢ ᠳᠤ ᠵᠤᠬᠢᠴᠠᠭᠰᠠᠨ ᠲᠡᠷᠢᠬᠦᠨ ᠤ ᠰᠤᠶᠤᠯ ᠵᠦᠢ ᠪᠤᠯᠬᠤ ᠶᠢ ︽ᠲᠡᠭᠷᠢ ᠴᠡᠯᠡᠶᠢᠨ ᠲᠠᠯ᠎ᠠ ᠨᠡᠯᠦ᠋ᠢᠬᠡᠳ ᠡᠪᠡᠰᠤᠨ ᠤ ᠲᠤᠯᠤᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠢᠷᠡᠯᠵᠠᠭᠰᠠᠨ︾ ︽ᠴᠡᠯᠡᠬᠡᠷ ᠲᠠᠯ᠎ᠠ ᠶᠢᠨ ᠲᠠᠭᠤᠤ︾ ᠲᠤᠳᠤᠬᠠᠨ ᠬᠠᠷᠠᠭᠤᠯᠤᠨ᠎ᠠ᠃ ᠲᠡᠷᠡ ᠮᠦᠷᠳᠡᠬᠡᠨ ᠤᠳᠤᠬᠢ ᠪᠡᠯᠴᠢᠬᠡᠷ ᠢᠶᠠᠨ ᠬᠡᠰᠡᠭᠯᠡᠨ ᠰᠡᠯᠬᠦᠨ ᠮᠠᠯᠵᠢᠬᠤ ᠪᠠ ᠪᠡᠯᠴᠢᠬᠡᠷ ᠢᠶᠠᠨ ᠤᠯᠠᠷᠢᠯ ᠤᠨ ᠴᠢᠨᠠᠷᠳᠠᠢ ᠪᠠᠷ ᠰᠡᠷᠬᠦᠬᠡᠬᠦ ᠠᠷᠭ᠎ᠠ ᠬᠡᠯᠪᠡᠷᠢ ᠴᠦ ᠡᠨᠡ ᠬᠦ ᠰᠤᠶᠤᠯ ᠵᠦᠢ ᠳᠤ ᠰᠠᠭᠤᠷᠢᠯᠠᠭᠰᠠᠨ ᠨᠢ ᠢᠯᠡᠬᠡᠨ᠃ ᠦᠨᠤ ᠤᠯᠤᠰ ᠤᠷᠤᠨ ᠠᠴᠠ ᠮᠤᠨᠳᠠᠭ ᠶᠡᠭᠡ ᠬᠦᠮᠦᠨ ᠤ ᠬᠦᠴᠦ᠂ ᠪᠤᠳᠠᠰ ᠤᠨ ᠬᠦᠴᠦ ᠪᠠ ᠡᠳ᠋ ᠤᠨ ᠬᠦᠴᠦ ᠵᠠᠷᠤᠴᠠᠭᠤᠯᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠢᠨᠵᠧᠨᠧᠷᠢᠩ ᠤᠳ ᠢ ᠶᠠᠪᠤᠭᠳᠠᠭᠤᠯᠬᠤ ᠶᠢᠨ ᠬᠠᠮᠳᠤ ᠮᠠᠯᠵᠢᠬᠤ ᠤᠷᠤᠨ ᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠪᠦᠬᠦ ᠬᠦᠴᠦᠨ ᠢᠶᠠᠷ ᠬᠠᠶᠢᠨ ᠰᠦᠪᠡᠭᠴᠢᠯᠡᠵᠤ ᠪᠠᠶᠢᠨ᠎ᠠ᠃ ᠡᠨᠡ ᠪᠦᠬᠦᠨ ᠨᠢ ᠪᠢᠳᠡᠨ ᠢ ᠲᠠᠯ᠎ᠠ ᠨᠤᠳᠤᠭ ᠤᠨ ᠰᠤᠶᠤᠯ ᠤᠨ ᠰᠢᠮ᠎ᠠ ᠪᠠᠷ ᠤᠶᠤᠨ ᠤᠬᠠᠭᠠᠨ ᠢᠶᠠᠨ ᠤᠮᠳᠠᠯᠠᠵᠤ᠂ ᠮᠠᠯᠵᠢᠬᠤ ᠤᠷᠤᠨ ᠤ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠳᠤ ᠤᠶᠤᠨ ᠴᠢᠳᠠᠯ ᠢᠶᠠᠨ ᠡᠷᠬᠦᠬᠦ ᠶᠢ ᠱᠠᠭᠠᠷᠳᠠᠵᠤ ᠪᠠᠶᠢᠬᠤ ᠨᠢ ᠶᠠᠷᠢᠶᠠᠨ ᠦᠬᠡᠢ᠃     ᠮᠠᠯᠵᠢᠬᠤ ᠤᠷᠤᠨ ᠤ ᠤᠳᠤᠬᠢᠴᠢᠯᠠᠯᠳᠠ ᠬᠢᠯᠪᠠᠷᠬᠠᠨ ᠢᠶᠠᠷ ᠪᠠᠶᠡᠯᠡᠭᠳᠡᠴᠢᠬᠡᠬᠦ ᠶᠠᠪᠤᠳᠠᠯ ᠪᠢᠰᠢ᠂ ᠮᠠᠰᠢ ᠤᠯᠠᠨ ᠲᠠᠪᠠᠭ᠎ᠠ ᠳᠤ ᠲᠤᠯᠭᠠᠷᠠᠬᠤ ᠨᠢ ᠮᠡᠳᠡᠬᠡᠵᠢ ᠬᠡᠷᠡᠭ᠃ ᠲᠠᠶᠢᠮᠤ ᠠᠴᠠ ᠬᠦᠴᠢᠷ ᠪᠡᠷᠬᠡᠰᠢᠶᠡᠯ ᠠᠴᠠ ᠠᠶᠤᠬᠤ ᠦᠬᠡᠢ᠂ ᠡᠷᠡᠯᠬᠡᠭ ᠪᠠᠭᠠᠳᠤᠷᠯᠢᠭ ᠢᠶᠠᠷ ᠤᠷᠤᠭᠰᠢᠯᠠᠬᠤ᠂ ᠰᠢᠨᠳᠡᠷᠡᠰᠢ ᠦᠬᠡᠢ ᠴᠢᠷᠮᠠᠶᠢᠬᠤ ᠬᠤᠪᠢᠰᠬᠠᠯᠳᠤ ᠵᠤᠷᠢᠭ ᠰᠠᠨᠠᠭ᠎ᠠ ᠲᠠᠢ ᠪᠠᠶᠢᠬᠤ ᠴᠢᠬᠤᠯᠠᠳᠠᠢ᠃ ᠦᠪᠤᠷ ᠮᠤᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠴᠦᠬᠡᠨ ᠲᠤᠭᠠᠳᠤ ᠦᠨᠳᠤᠰᠤᠳᠡᠨ ᠤ ᠦᠪᠡᠷᠳᠡᠬᠡᠨ ᠵᠠᠰᠠᠬᠤ ᠤᠷᠤᠨ ᠪᠠᠶᠢᠵᠤ᠂ ᠦᠪ ᠵᠤᠵᠠᠭᠠᠨ ᠬᠤᠪᠢᠰᠬᠠᠯᠳᠤ ᠰᠤᠶᠤᠯ ᠲᠠᠢ ᠶᠤᠮ᠃ ᠬᠤᠪᠢᠰᠬᠠᠯᠳᠤ ᠰᠤᠶᠤᠯ ᠪᠤᠯ ᠲᠤᠮᠳᠠᠳᠤ ᠤᠯᠤᠰ ᠤᠨ ᠡᠪ ᠬᠠᠮᠳᠤᠴᠤᠳ ᠤᠨ ᠲᠤᠮᠳᠠᠳᠤ ᠶᠢᠨ ᠦᠨᠳᠤᠰᠤᠳᠡᠨ ᠤ ᠰᠢᠯᠢᠳᠡᠭ ᠤᠯᠠᠮᠵᠢᠯᠠᠯᠳᠤ ᠰᠤᠶᠤᠯ ᠤᠨ ᠰᠠᠭᠤᠷᠢᠨ ᠲᠠᠬᠡᠷ᠎ᠠ᠂ ᠲᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠤᠷᠳᠤ ᠬᠤᠭᠤᠴᠠᠭᠠᠨ ᠤ ᠬᠤᠪᠢᠰᠬᠠᠯ ᠪᠠ ᠪᠦᠳᠦᠬᠡᠨ ᠪᠠᠶᠢᠭᠤᠯᠤᠯᠳᠠ ᠬᠢᠭᠰᠡᠨ ᠦᠢᠯᠡᠳᠦᠯᠬᠡ ᠶᠢᠨ ᠲᠤᠮᠳᠠ ᠪᠤᠢ ᠪᠤᠯᠤᠭᠰᠠᠨ ᠲᠡᠷᠢᠬᠦᠨ ᠤ ᠰᠤᠶᠤᠯ ᠮᠦᠨ᠂ ᠲᠠᠷᠡ ᠨᠢ ᠨᠢᠬᠡ ᠵᠦᠢᠯ ᠤᠨ ᠢᠳᠡᠪᠬᠢᠳᠠᠢ ᠵᠤᠷᠢᠭ ᠰᠠᠨᠠᠭ᠎ᠠ᠂ ᠨᠢᠬᠡ ᠵᠦᠢᠯ ᠤᠨ ᠡᠷᠬᠢᠮ ᠲᠠᠬᠡᠳᠤ ᠬᠦᠰᠡᠯᠡᠩ᠂ ᠨᠢᠬᠡ ᠵᠦᠢᠯ ᠤᠨ ᠡᠷᠡᠰ ᠪᠠᠳᠤ ᠢᠳᠡᠬᠡᠯ ᠪᠢᠰᠢᠷᠡᠯ ᠢ ᠲᠠᠮᠵᠢᠭᠤᠯᠵᠤ ᠪᠠᠶᠢᠳᠠᠭ᠃ ᠬᠤᠪᠢᠰᠬᠠᠯᠳᠤ ᠰᠤᠶᠤᠯ ᠢᠶᠠᠨ ᠰᠠᠶᠢᠳᠤᠷ ᠬᠠᠮᠠᠭᠠᠯᠠᠵᠤ ᠰᠠᠶᠢᠳᠤᠷ ᠤᠯᠠᠮᠵᠢᠯᠠᠬᠤ ᠳᠤ ᠬᠦᠷᠪᠡᠯ ᠺᠠᠳ᠋ᠷ ᠤᠯᠠᠨ ᠲᠦᠮᠡᠨ ᠤ ᠬᠦᠰᠡᠯ ᠵᠤᠷᠢᠯᠳᠠ ᠶᠢᠨ ᠢᠶᠠᠨ ᠲᠦᠯᠦᠬᠡ ᠴᠦᠬᠦᠷᠡᠰᠢ ᠦᠬᠡᠢ ᠡᠷᠡᠮᠡᠬᠡᠶᠢᠯᠡᠨ ᠲᠠᠮᠡᠴᠡᠬᠦ ᠡᠷᠴᠢ ᠵᠤᠷᠢᠭ ᠢ ᠬᠦᠪᠴᠢᠯᠡᠨ ᠲᠤᠭᠳᠠᠯ ᠬᠦᠴᠦᠨ ᠢ ᠪᠠᠳᠤᠯᠠᠵᠤ᠂ ᠮᠠᠯᠵᠢᠬᠤ ᠤᠷᠤᠨ ᠤ ᠤᠳᠤᠬᠢᠴᠢᠯᠠᠬᠤ ᠪᠦᠳᠦᠬᠡᠨ  ᠪᠠᠶᠢᠭᠤᠯᠤᠯᠳᠠ  ᠶᠢᠨ ᠵᠠᠮ ᠳᠤ ᠬᠡᠷᠡᠯ ᠬᠢᠯᠪᠠᠭ᠎ᠠ ᠪᠠᠨ ᠰᠠᠴᠤᠷᠠᠭᠤᠯᠬᠤ ᠨᠢ ᠲᠠᠮᠵᠢᠭ ᠦᠬᠡᠢ᠃     ᠲᠠᠯ᠎ᠠ ᠨᠤᠳᠤᠭ ᠤᠨ ᠰᠤᠶᠤᠯ ᠪᠤᠯ ᠲᠤᠮᠳᠠᠳᠤ ᠶᠢᠨ ᠰᠤᠶᠤᠯ ᠤᠨ ᠴᠢᠬᠤᠯᠠ ᠪᠦᠷᠢᠯᠳᠦᠬᠦᠨ ᠬᠡᠰᠡᠭ᠂ ᠬᠤᠪᠢᠰᠬᠠᠯᠳᠤ ᠰᠤᠶᠤᠯ ᠪᠤᠯ ᠰᠤᠶᠤᠯ ᠤᠨ ᠢᠳᠡᠬᠡᠯ ᠤᠨ ᠴᠢᠬᠤᠯᠠ ᠡᠬᠢ ᠪᠤᠯᠠᠭ ᠮᠦᠨ᠃ ᠡᠳᠡᠬᠡᠷ ᠪᠤᠯ ᠪᠤᠯᠪᠠᠰᠤᠨ ᠦᠪᠤᠷ ᠮᠤᠩᠭᠤᠯ ᠤᠨ ᠴᠢᠬᠤᠯᠠ ᠠᠭᠤᠯᠭ᠎ᠠ ᠪᠤᠯᠬᠤ ᠮᠦᠷᠳᠡᠬᠡᠨ ᠮᠠᠯᠵᠢᠬᠤ ᠤᠷᠤᠨ ᠤ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠶᠢᠨ ᠬᠤᠪᠤᠷ ᠨᠠᠨᠳᠢᠨ ᠦᠪ ᠬᠦᠷᠦᠩᠬᠡ ᠶᠤᠮᠰᠠᠨ᠃ ᠪᠢᠳᠡ ᠡᠨᠡ ᠬᠦ ᠦᠪ ᠰᠤᠶᠤᠯ ᠢᠶᠠᠨ ᠰᠠᠶᠢᠳᠤᠷ ᠬᠠᠮᠠᠭᠠᠯᠠᠵᠤ ᠰᠠᠶᠢᠳᠤᠷ ᠤᠯᠠᠮᠵᠢᠯᠠᠨ ᠰᠠᠶᠢᠳᠤᠷ ᠬᠦᠭᠵᠢᠬᠦᠯᠵᠤ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠪᠠᠷ ᠵᠢᠯᠤᠭᠤᠳᠤᠮᠵᠢ ᠪᠤᠯᠭᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠮᠠᠯᠴᠢᠨ ᠲᠦᠮᠡᠨ ᠤ ᠪᠠᠨ ᠰᠠᠶᠢᠨ ᠰᠠᠶᠢᠬᠠᠨ ᠤᠶᠤᠨ ᠰᠠᠨᠠᠭᠠᠨ ᠤ ᠬᠡᠷ ᠤᠷᠤᠨ ᠢ ᠰᠠᠬᠢᠨ ᠬᠠᠮᠠᠭᠠᠯᠠᠴᠢᠬᠠᠪᠠᠯ᠂ ᠮᠠᠯᠵᠢᠬᠤ ᠤᠷᠤᠨ ᠤ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠳᠤ ᠤᠶᠤᠨ ᠤ ᠲᠠᠵᠢᠬᠡᠯ ᠢᠶᠠᠷ ᠲᠤᠳᠠᠬᠤ ᠦᠬᠡᠢ ᠪᠤᠯᠵᠤ᠂ ᠬᠦᠰᠡᠵᠤ ᠵᠤᠷᠢᠭᠰᠠᠨ ᠳᠤ ᠪᠠᠨ ᠬᠦᠷᠴᠦ ᠲᠠᠶᠢᠯᠬᠦ ᠨᠢ ᠯᠠᠪᠳᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号