ᠲᠦᠪ ᠤᠨ ᠡᠳ᠋ ᠤᠨ ᠵᠠᠰᠠᠭ 700 ᠳ᠋ᠦᠩᠰᠢᠭᠤᠷ ᠲᠦᠭᠦᠷᠢᠭ ᠵᠤᠭᠤᠰ ᠢᠶᠠᠷ ᠬᠦᠳᠡᠭᠡ ᠲᠤᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2020/9/18
    ᠰᠤᠷᠪᠤᠯᠵᠢᠯᠠᠭᠴᠢ ᠤᠶᠢᠷ᠎ᠠ ᠳᠤ ᠡᠳ᠋ ᠤᠨ ᠵᠠᠰᠠᠭ ᠤᠨ ᠶᠠᠮᠤᠨ ᠠᠴᠠ  ᠤᠯᠵᠦ  ᠮᠡᠳᠡᠭᠰᠡᠨ  ᠎ ᠢᠶᠠᠷ᠂ ᠬᠦᠳᠡᠭᠡ ᠲᠤᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠦᠪ  ᠬᠤᠷᠢᠶ᠎ᠠ᠂  ᠲᠦᠷᠦ  ᠎ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠤ ᠪᠤᠲᠤᠯᠭ᠎ᠠ ᠪᠠᠶᠢᠷᠢᠯᠠᠭᠤᠯᠤᠯᠲᠠ  ᠨᠠᠶᠢᠳᠠᠪᠤᠷᠢᠵᠢᠭᠤᠯᠬᠤ  ᠎ ᠶᠢᠨ  ᠲᠤᠯᠠᠳᠠ  ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠲᠦᠪ ᠤᠨ ᠡᠳ᠋ ᠤᠨ ᠵᠠᠰᠠᠭ ᠨᠡᠶᠢᠲᠡ 700  ᠳ᠋ᠦᠩᠰᠢᠭᠤᠷ  ᠲᠦᠭᠦᠷᠢᠭ ᠵᠤᠭᠤᠰ ᠲᠤᠬᠢᠷᠠᠭᠤᠯᠵᠦ᠂ ᠤᠷᠤᠨ ᠨᠤᠲᠤᠭ ᠤᠨ ᠬᠦᠳᠡᠭᠡ ᠲᠤᠰᠬᠤᠨ ᠎ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ  ᠳᠡᠮᠵᠢᠨ ᠵᠢᠯᠤᠭᠤᠳᠴᠤ᠂ ᠰᠤᠷᠭᠠᠨ ᠬᠦᠮᠤᠵᠢᠯ ᠵᠢᠭᠠᠨ ᠰᠤᠷᠭᠠᠯᠲᠠ ᠎ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃             379 ᠲᠦᠮᠡᠨ ᠲᠦᠭᠦᠷᠢᠭ ᠵᠤᠭᠤᠰ ᠲᠤᠬᠢᠷᠠᠭᠤᠯᠤᠨ ︽ᠬᠦᠳᠡᠭᠡ ᠲᠤᠰᠬᠤᠨ  ᠎ ᠤ  ᠠᠯᠪᠠᠨ  ᠵᠢᠷᠤᠮ  ᠎ ᠤᠨ  ᠰᠤᠷᠭᠠᠨ ᠬᠦᠮᠤᠵᠢᠯ ᠤᠨ ᠱᠠᠳᠤᠨ ᠤ ᠰᠤᠷᠭᠠᠭᠤᠯᠢ ᠶᠢᠨ ᠪᠠᠭᠰᠢ ᠳᠤ ᠤᠨᠴᠠᠭᠠᠢ ᠠᠵᠢᠯ ᠤᠨ ᠪᠠᠶᠢᠷᠢ  ᠲᠤᠬᠢᠷᠠᠭᠤᠯᠬᠤ  ᠲᠦᠯᠦᠪᠯᠡᠭᠡ︾  ᠎ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠬᠦᠴᠢᠷᠲᠡᠢ ᠭᠠᠵᠠᠷ ᠤᠷᠤᠨ ᠤ ᠬᠦᠳᠡᠭᠡ ᠶᠢᠨ ᠪᠠᠭᠰᠢ ᠎ ᠶᠢᠨ ᠡᠩᠨᠡᠭᠡᠨ  ᠎ ᠤ  ᠪᠦᠳᠦᠴᠡ  ᠎ ᠶᠢ ᠰᠢᠯᠢᠳᠡᠭᠵᠢᠭᠦᠯᠬᠦ ᠶᠢ ᠳᠡᠮᠵᠢᠪᠡ᠃ 2017 —2019 ᠤᠨ ᠳᠤ 3 ᠵᠢᠯ ᠳᠠᠷᠠᠭᠠᠯᠠᠨ ᠵᠢᠯ  ᠪᠦᠷᠢ  1  ᠲᠦᠮᠡᠨ  ᠬᠦᠮᠤᠨ ᠤᠷᠢᠵᠦ ᠡᠯᠰᠡᠨ᠂ 10 ᠲᠦᠮᠡᠨ ᠬᠦᠮᠤᠨ ᠡᠯᠰᠡᠬᠦ ᠠᠵᠢᠯ  ᠎ ᠤᠨ  ᠬᠠᠷᠠᠯᠲᠠ  ᠎ ᠪᠠᠨ  1  ᠵᠢᠯ  ᠤᠷᠢᠳᠴᠢᠯᠠᠨ  ᠪᠡᠶᠡᠯᠡᠭᠦᠯᠵᠡᠢ᠃ 2020 ᠤᠨ ᠳᠤ ᠤᠷᠢᠵᠦ ᠡᠯᠰᠡᠬᠦ ᠬᠡᠪᠴᠢᠶ᠎ᠡ ᠪᠠᠨ 5000 ᠬᠦᠮᠤᠨ ᠪᠤᠯᠭᠠᠨ ᠦᠷᠭᠡᠳᠭᠡᠵᠦ᠂ 10.5 ᠲᠦᠮᠡᠨ  ᠬᠦᠮᠤᠨ ᠳᠤ ᠬᠦᠷᠭᠡᠵᠦ᠂ 2020 ᠤᠨ ᠤ ᠰᠡᠭᠦᠯᠴᠢ ᠪᠤᠯᠬᠤ ᠳᠤ ᠲᠤᠮᠳᠠ ᠪᠠᠷᠠᠭᠤᠨ ᠤᠷᠤᠨ ᠤ ᠤᠨᠴᠠ  ᠠᠵᠢᠯ  ᠎ ᠤᠨ  ᠪᠠᠶᠢᠷᠢ  ᠎ ᠶᠢᠨ ᠪᠠᠭᠰᠢ 44 ᠲᠦᠮᠡ ᠶᠢ ᠳᠠᠪᠠᠭ᠋ᠤ ᠪᠤᠯᠤᠨ᠎ᠠ᠃             101 ᠳ᠋ᠦᠩᠰᠢᠭᠤᠷ ᠲᠦᠭᠦᠷᠢᠭ ᠵᠤᠭᠤᠰ ᠲᠤᠬᠢᠷᠠᠭᠤᠯᠤᠨ ︽ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠡᠰ ᠤᠨ ᠪᠤᠯᠪᠠᠰᠤᠷᠠᠯ ᠤᠨ ᠲᠦᠯᠦᠪᠯᠡᠭᠡ︾᠎ ᠶᠢᠨ ᠬᠡᠷᠡᠭᠵᠢᠭᠦᠯᠦᠯᠲᠡ  ᠎ ᠶᠢ  ᠳᠡᠮᠵᠢᠵᠦ᠂  ᠲᠤᠮᠳᠠ ᠪᠠᠷᠠᠭᠤᠨ ᠤᠷᠤᠨ ᠤ ᠬᠦᠳᠡᠭᠡ ᠲᠤᠰᠬᠤᠨ ᠤ ᠰᠤᠷᠭᠠᠭᠤᠯᠢ ᠬᠡᠤᠬᠡᠳ ᠤᠨ ᠴᠡᠴᠡᠷᠯᠢᠭ ᠤᠨ ᠭᠤᠤᠯᠯᠠᠭᠴᠢ ᠬᠦᠴᠦᠨ ᠤ ᠪᠤᠯᠪᠠᠰᠤᠷᠠᠯ ᠢ ᠴᠢᠩᠭᠠᠳᠬᠠᠬᠤ ᠶᠢ ᠳᠠᠭᠠᠭᠤᠯᠤᠨ ᠵᠢᠯᠤᠭᠤᠳᠪᠠ᠃ 2019 ᠤᠨ ᠤ ᠡᠴᠦᠰ ᠪᠤᠯᠬᠤ ᠳᠤ ᠲᠤᠮᠳᠠ  ᠪᠠᠷᠠᠭᠤᠨ  ᠤᠷᠤᠨ  ᠎ ᠳᠤ ᠪᠤᠯᠪᠠᠰᠤᠷᠠᠭᠤᠯᠤᠭᠰᠠᠨ ᠪᠠᠭᠰᠢ ᠶᠢᠨ ᠲᠤᠭ᠎ᠠ1500 ᠲᠦᠮᠡᠨ ᠬᠦᠮᠤᠨ ᠤᠳᠠᠭ᠎ᠠ ᠳᠤ ᠬᠦᠷᠴᠤ᠂ ᠬᠦᠳᠡᠭᠡ ᠲᠤᠰᠬᠤᠨ ᠤ ᠪᠠᠭᠰᠢ ᠳᠤ ᠨᠢᠭᠡ ᠡᠭᠡᠯᠵᠢ ᠠᠴᠠ ᠳᠡᠭᠡᠭᠰᠢᠬᠢ ᠪᠤᠯᠪᠠᠰᠤᠷᠠᠯ ᠢ ᠪᠦᠬᠦᠨ ᠳᠤ ᠪᠦᠷᠭᠦᠭᠦᠯᠦᠭᠰᠡᠨ ᠪᠠᠶᠢᠨ᠎ᠠ᠃             203 ᠳ᠋ᠦᠩᠰᠢᠭᠤᠷ ᠲᠦᠭᠦᠷᠢᠭ ᠵᠤᠭᠤᠰ ᠲᠤᠬᠢᠷᠠᠭᠤᠯᠤᠨ᠂ ᠪᠦᠭᠡᠮᠨᠡᠷᠡᠭᠰᠡᠨ ᠶᠠᠳᠠᠭᠤ ᠬᠦᠴᠢᠷᠲᠡᠢ ᠭᠠᠵᠠᠷ  ᠤᠷᠤᠨ  ᠎ ᠤ ᠬᠦᠳᠡᠭᠡ ᠲᠤᠰᠬᠤᠨ ᠤ ᠪᠠᠭᠰᠢ ᠶᠢᠨ ᠠᠮᠢᠳᠤᠷᠠᠯ ᠤᠨ ᠨᠦᠬᠦᠪᠤᠷᠢ ᠶᠢᠨ ᠲᠦᠷᠦ ᠶᠢᠨ ᠪᠤᠲᠤᠯᠭ᠎ᠠ ᠶᠢ ᠳᠡᠮᠵᠢᠵᠦ᠂ ᠨᠦᠬᠦᠴᠡᠯ  ᠎ ᠲᠠᠢ ᠭᠠᠵᠠᠷ ᠤᠷᠤᠨ ᠨᠢ ᠨᠦᠬᠦᠪᠤᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ  ᠵᠤᠷᠢᠭᠵᠢᠭᠤᠯᠤᠭᠰᠠᠨ  ᠪᠦᠭᠡᠳ  ᠰᠤᠷᠭᠠᠭᠤᠯᠢ  ᠎ ᠶᠢᠨ ᠬᠦᠴᠢᠷ ᠪᠡᠷᠭᠡᠰᠢᠶᠡᠯ ᠲᠠᠢ ᠪᠤᠶᠢᠳᠡ ᠪᠦᠭᠯᠡᠭᠦᠦ ᠬᠡᠮᠵᠢᠶ᠎ᠡ ᠶᠢ ᠦᠨᠳᠦᠰᠦᠯᠡᠨ᠂  ᠵᠦᠷᠢᠶᠡᠴᠢᠯᠡᠭᠰᠡᠨ  ᠨᠦᠬᠦᠪᠤᠷᠢ  ᠬᠡᠷᠡᠭᠵᠢᠭᠦᠯᠵᠦ  ᠂ ᠵᠢᠯ ᠪᠦᠷᠢ 127 ᠲᠦᠮᠡᠨ ᠪᠠᠭᠰᠢ ᠳᠤ ᠠᠰᠢᠭ ᠬᠦᠷᠲᠡᠭᠡᠪᠡ᠃             17 ᠳ᠋ᠦᠩᠰᠢᠭᠤᠷ ᠲᠦᠭᠦᠷᠢᠭ ᠵᠤᠭᠤᠰ ᠲᠤᠬᠢᠷᠠᠭᠤᠯᠤᠨ᠂ ︽ᠭᠤᠷᠪᠠᠨ  ᠤᠷᠤᠨ︾  ᠎ ᠤ  ᠴᠢᠳᠠᠪᠤᠷᠢᠲᠠᠨ  ᠎ ᠢ  ᠳᠡᠮᠵᠢᠬᠦ ᠲᠦᠯᠦᠪᠯᠡᠭᠡ ᠶᠢᠨ ᠪᠠᠭᠰᠢ ᠶᠢᠨ ᠲᠤᠰᠬᠠᠢ ᠲᠦᠷᠦᠯ ᠤᠨ ᠲᠦᠯᠦᠪᠯᠡᠭᠡ ᠪᠠ  ︽ᠪᠤᠭᠤᠷᠤᠯ  ᠪᠠᠭᠰᠢ  ᠎ ᠶᠢᠨ  ᠵᠢᠭᠠᠨ  ᠰᠤᠷᠭᠠᠯᠲᠠ︾ ᠲᠦᠯᠦᠪᠯᠡᠭᠡ ᠶᠢ ᠬᠡᠷᠡᠭᠵᠢᠭᠦᠯᠬᠦ ᠪᠠᠷ ᠳᠠᠮᠵᠢᠨ᠂ ᠰᠢᠯᠢᠳᠡᠭ ᠪᠠᠭᠰᠢ ᠨᠠᠷ ᠶᠠᠳᠠᠭᠤ ᠬᠦᠴᠢᠷ ᠎ ᠲᠠᠢ ᠭᠠᠵᠠᠷ ᠤᠷᠤᠨ᠂  ᠦᠨᠳᠦᠰᠦᠲᠡᠨ ᠤ ᠭᠠᠵᠠᠷ ᠤᠷᠤᠨ᠂ ᠡᠷᠲᠡ ᠴᠢᠯᠦᠭᠡᠯᠡᠭᠳᠡᠭᠰᠡᠨ ᠬᠤᠪᠢᠰᠬᠠᠯ ᠤᠨ ᠰᠠᠭᠤᠷᠢᠨ ᠂ ᠬᠢᠯᠢ ᠬᠢᠵᠠᠭᠠᠷ ᠤᠷᠤᠨ  ᠎ ᠳᠤ  ᠬᠦᠷᠴᠤ  ᠰᠤᠷᠭᠠᠨ ᠬᠦᠮᠤᠵᠢᠯ ᠢ ᠳᠡᠮᠵᠢᠬᠦ ᠶᠢ ᠵᠤᠷᠢᠭᠵᠢᠭᠤᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号