ᠵᠢᠷᠭᠢᠶ᠎ᠠ ᠬᠤᠳᠠᠯᠳᠤᠭ᠎ᠠ ᠶᠢᠨ ᠦᠴᠦᠬᠡᠳᠦᠷ ᠦᠨᠦᠳᠤᠷ ᠪᠠ ᠮᠠᠷᠭᠠᠰᠢ
ᠨᠡᠶᠢᠲᠡᠯᠡᠭᠰᠡᠨ ᠴᠠᠭ᠄
2020/9/22
    — ᠳᠤᠯᠤᠭᠠᠨ ᠵᠢᠯ︕ ᠪᠦᠬᠦᠯᠢ ᠳᠤᠯᠤᠭᠠᠨ ᠵᠢᠯ ᠤᠨ ᠳᠠᠷᠠᠭᠠᠬᠢ ᠦᠨᠦᠳᠦᠷ ᠵᠢᠷᠭᠢᠶ᠎ᠠ ᠬᠤᠳᠠᠯᠳᠤᠭ᠎ᠠ ᠲᠦᠷᠦ ᠭᠦᠷᠦᠨ ᠳᠤ ᠮᠡᠳᠡᠷᠡᠭᠳᠡᠵᠤ᠂ ᠰᠢᠨ᠎ᠡ ᠢᠷᠡᠭᠡᠳᠦᠢ ᠪᠠᠨ ᠤᠭᠳᠤᠬᠤ ᠪᠠᠷ ᠪᠡᠯᠡᠬᠡᠨ ᠪᠤᠯᠵᠠᠢ ᠭᠡᠵᠦ ᠵᠢᠷᠭᠢᠶ᠎ᠠ ᠬᠤᠳᠠᠯᠳᠤᠭᠠᠨ ᠤ ᠰᠧ ᠹᠦ᠋ ᠪᠦᠯᠦᠭᠯᠡᠯ ᠢ ᠪᠠᠶᠢᠭᠤᠯᠤᠭᠴᠢ ᠡᠤ ᠵᠤᠤ ᠭᠦᠸᠧ ᠪᠢᠴᠢᠯ ᠪᠦᠷᠭᠡ ᠲᠡᠭᠡᠷ᠎ᠡ ᠨᠡᠶᠢᠳᠡᠯᠡᠵᠡᠢ᠃     7 ᠰᠠᠷ᠎ᠠ ᠳᠤ᠂ ᠤᠯᠤᠰ ᠤᠨ ᠬᠦᠭᠵᠢᠭᠦᠯᠦᠯᠳᠡ ᠪᠡ ᠦᠭᠡᠷᠡᠴᠢᠯᠡᠯᠳᠡ ᠶᠢᠨ ᠵᠦᠪᠯᠡᠯ ᠵᠢᠴᠢ 13 ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ︽ᠰᠢᠨ᠎ᠡ ᠲᠦᠷᠦᠯ ᠤᠨ ᠬᠦᠭᠵᠢᠯᠳᠡ ᠶᠢ ᠠᠬᠢᠭᠤᠯᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠤᠨ ᠪᠦᠬᠦ ᠲᠠᠯ᠎ᠠ ᠪᠠᠷ ᠠᠵᠢᠯ ᠤᠯᠭᠤᠬᠤ ᠶᠢ ᠪᠠᠳᠤᠯᠠᠬᠤ ᠲᠤᠬᠠᠢ ᠰᠠᠨᠠᠯ︾ ᠢ ᠨᠡᠶᠢᠳᠡᠯᠡᠵᠡᠢ᠃ ᠲᠤᠰ ᠰᠠᠨᠠᠯ ᠳᠤ ︽ᠵᠢᠷᠭᠢᠶ᠎ᠠ ᠬᠤᠳᠠᠯᠳᠤᠭ᠎ᠠ᠂ ᠡᠯᠧᠺᠲᠷᠤᠨ ᠬᠤᠳᠠᠯᠳᠤᠭ᠎ᠠ᠂ ᠰᠦᠯᠵᠢᠶᠡᠨ ᠤ ᠰᠢᠭᠤᠳ ᠨᠡᠪᠳᠡᠷᠡᠭᠦᠯᠭᠡ ᠪᠠᠷ ᠪᠠᠷᠠᠭ᠎ᠠ ᠬᠤᠳᠠᠯᠳᠤᠬᠤ ᠶᠢ ᠳᠡᠮᠵᠢᠨ ᠠᠬᠢᠭᠤᠯᠵᠤ᠂ ᠤᠯᠠᠨ ᠲᠦᠷᠦᠯ ᠤᠨ ᠠᠵᠢᠯ ᠤᠯᠭᠤᠯᠳᠠ ᠶᠢ ᠨᠡᠮᠡᠭᠳᠡᠭᠦᠯᠦᠨ᠎ᠡ︾ ᠭᠡᠵᠦ ᠳᠤᠳᠤᠷᠬᠠᠢᠢᠯᠠᠭᠰᠠᠨ ᠠᠴᠠ ᠵᠢᠷᠭᠢᠶ᠎ᠠ ᠬᠤᠳᠠᠯᠳᠤᠭ᠎ᠠ ᠬᠢᠭᠡᠳ ᠰᠢᠭᠤᠳ ᠨᠡᠪᠳᠡᠷᠡᠭᠦᠯᠭᠡ ᠶᠢᠨ ᠠᠵᠤ ᠦᠢᠯᠡᠰ ᠲᠤ ᠤᠷᠤᠯᠴᠠᠬᠤ ᠬᠦᠮᠦᠰ ᠲᠤ ᠲᠦᠷᠦ ᠭᠦᠷᠦᠨ ᠤ ᠳᠡᠮᠵᠢᠯᠭᠡ ᠲᠠᠢ ᠪᠤᠯᠤᠭᠰᠠᠨ ᠶᠤᠮ᠃     ᠲᠡᠭᠡᠪᠡᠯ ᠵᠢᠷᠭᠢᠶ᠎ᠠ ᠬᠤᠳᠠᠯᠳᠤᠭ᠎ᠠ ᠭᠡᠳᠡᠭ ᠨᠢ ᠴᠤᠬᠤᠮ ᠶᠠᠭᠤ ᠪᠤᠢ︖ ᠲᠡᠷᠡ ᠨᠢ ᠡᠯᠧᠺᠲᠷᠤᠨ ᠬᠤᠳᠠᠯᠳᠤᠭ᠎ᠠ ᠲᠠᠢ ᠶᠠᠮᠠᠷ ᠬᠠᠷᠢᠴᠠᠭ᠎ᠠ ᠬᠤᠯᠪᠤᠭ᠎ᠠ ᠲᠠᠢ ᠪᠤᠢ︖ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠲᠤ ᠶᠠᠮᠠᠷ ᠠᠰᠠᠭᠤᠳᠠᠯ ᠤᠷᠤᠰᠢᠵᠤ ᠪᠠᠶᠢᠭ᠎ᠠ ᠪᠤᠯ︖ ᠵᠢᠷᠭᠢᠶ᠎ᠠ ᠬᠤᠳᠠᠯᠳᠤᠭᠠᠨ ᠤ ᠢᠷᠡᠭᠡᠳᠦᠢ ᠶᠠᠮᠠᠷ ᠪᠤᠯᠬᠤ ᠪᠤᠢ︖     ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠤᠨ ᠪᠤᠳᠠᠳᠤ ᠪᠠᠶᠢᠳᠠᠯ     ᠪᠦᠳᠦᠭᠦᠪᠴᠢ ᠤᠬᠠᠭᠳᠠᠬᠤᠨ ᠠᠴᠠ ᠶᠠᠷᠢᠪᠠᠯ᠂ ᠵᠢᠷᠭᠢᠶ᠎ᠠ ᠬᠤᠳᠠᠯᠳᠤᠭ᠎ᠠ ᠭᠡᠳᠡᠭ ᠨᠢ ᠵᠢᠷᠭᠢᠶ᠎ᠠ ᠳᠠᠪᠴᠠᠩ ᠢ ᠠᠰᠢᠭᠯᠠᠵᠤ ᠬᠤᠳᠠᠯᠳᠤᠭ᠎ᠠ ᠡᠷᠬᠢᠯᠡᠬᠦ ᠠᠵᠤ ᠠᠬᠤᠢ ᠶᠢᠨ ᠠᠵᠢᠯᠯᠠᠭ᠎ᠠ ᠶᠢ ᠵᠢᠭᠠᠨ᠎ᠠ᠃ 2020 ᠤᠨ ᠤ ᠲᠧᠩ ᠰᠢᠶᠦ᠋ᠨ ᠺᠤᠮᠫᠠᠨᠢ ᠶᠢᠨ ᠪᠦᠷᠢᠳᠭᠡᠯ ᠢ ᠦᠨᠳᠦᠰᠦᠯᠡᠪᠡᠯ᠂ ᠪᠦᠬᠦ ᠳᠡᠯᠡᠬᠡᠢ ᠳᠤ ᠵᠢᠷᠭᠢᠶ᠎ᠠ ᠰᠤᠹᠲ ᠢ ᠭᠠᠷ ᠤᠳᠠᠰᠤᠨ ᠳᠠᠭᠠᠨ ᠤᠭᠰᠠᠷᠠᠨ ᠬᠡᠷᠡᠭᠯᠡᠭᠴᠢᠳ ᠤᠨ ᠲᠤᠭ᠎ᠠ 14 ᠳ᠋ᠦᠩᠰᠢᠭᠤᠷ ᠲᠤ ᠬᠦᠷᠴᠤ᠂ ᠡᠳᠦᠷ ᠪᠤᠯᠭᠠᠨ ᠬᠡᠷᠡᠭᠯᠡᠵᠦ ᠪᠠᠶᠢᠭ᠎ᠠ ᠬᠡᠷᠡᠭᠯᠡᠭᠴᠢᠳ ᠤᠨ ᠲᠤᠭ᠎ᠠ 10 ᠳ᠋ᠦᠩᠰᠢᠭᠤᠷ ᠢ ᠳᠠᠪᠠᠵᠠᠢ᠃ ᠵᠠᠬ᠎ᠠ ᠳᠡᠯᠭᠡᠭᠦᠷ ᠤᠨ ᠬᠡᠪᠴᠢᠶᠡᠨ ᠠᠴᠠ ᠠᠪᠴᠤ ᠶᠠᠷᠢᠪᠠᠯ᠂ ᠵᠢᠷᠭᠢᠶ᠎ᠠ ᠬᠤᠳᠠᠯᠳᠤᠭᠠᠨ ᠤ ᠬᠡᠷᠡᠭᠯᠡᠭᠴᠢᠳ ᠤᠨ ᠲᠤᠭᠠᠨ ᠳᠤ ᠰᠠᠭᠤᠷᠢᠯᠠᠭᠰᠠᠨ ᠠᠴᠠ ᠵᠢᠷᠭᠢᠶ᠎ᠠ ᠬᠤᠳᠠᠯᠳᠤᠭ᠎ᠠ ᠨᠢ ᠨᠢᠭᠡᠨᠳᠡ ᠤᠯᠠᠮᠵᠢᠯᠠᠯᠳᠤ ᠰᠦᠯᠵᠢᠶᠡᠨ ᠤ ᠬᠡᠷᠡᠭᠯᠡᠭᠴᠢᠳ ᠠᠴᠠ ᠳᠠᠪᠠᠭᠰᠠᠨ ᠪᠠᠶᠢᠳᠠᠭ᠃ ᠵᠢᠱᠢᠶᠡᠯᠡᠨ ᠶᠠᠷᠢᠬᠤ ᠳᠤ ᠤᠯᠠᠮᠵᠢᠯᠠᠯᠳᠤ ᠰᠦᠯᠵᠢᠶᠡᠨ ᠤ ᠬᠡᠷᠡᠭᠯᠡᠭᠴᠢᠳ ᠲᠤᠤ ᠪᠤᠤ ᠰᠦᠯᠵᠢᠶ᠎ᠡ᠂ ᠵᠢᠩ ᠳ᠋ᠦᠩ ᠰᠦᠯᠵᠢᠶ᠎ᠠ᠂ ᠠᠮᠠᠽᠤᠨ ᠰᠦᠯᠵᠢᠶ᠎ᠡ ᠵᠡᠷᠭᠡ ᠬᠡᠳᠦᠨ ᠭᠠᠵᠠᠷ ᠲᠤ ᠲᠠᠷᠬᠠᠳᠠᠭ ᠪᠤᠯ ᠵᠢᠷᠭᠢᠶ᠎ᠠ ᠬᠤᠳᠠᠯᠳᠤᠭ᠎ᠠ ᠨᠢ ᠬᠡᠷᠡᠭᠯᠡᠭᠴᠢᠳ ᠢᠶᠠᠨ ᠭᠠᠭᠴᠠ ᠭᠠᠷ ᠤᠳᠠᠰᠤᠨ ᠤ ᠰᠤᠹᠲ ᠲᠤ ᠬᠡᠪᠴᠢᠶᠡᠵᠢᠭᠦᠯᠦᠨ ᠪᠦᠷᠢᠳᠦᠭᠦᠯᠦᠭᠰᠡᠨ ᠢᠶᠠᠷ ᠢᠶᠠᠨ ᠤᠨᠴᠠᠯᠢᠭᠳᠠᠳᠠᠭ᠃     ᠪᠦᠬᠦ ᠤᠯᠤᠰ ᠤᠨ ᠵᠢᠷᠭᠢᠶ᠎ᠠ ᠬᠤᠳᠠᠯᠳᠤᠭ᠎ᠠ ᠶᠢᠨ ᠠᠵᠤ ᠦᠢᠯᠡᠰ ᠤᠨ ᠳᠦᠷᠢᠮᠵᠢᠯ ᠤᠨ ᠠᠯᠪᠠᠨ ᠭᠡᠷ ᠤᠨ ᠪᠦᠷᠢᠳᠭᠡᠯ ᠠᠴᠠ ᠦᠵᠡᠪᠡᠯ᠂ 2014 ᠤᠨ ᠠᠴᠠ ᠵᠢᠷᠭᠢᠶ᠎ᠠ ᠬᠤᠳᠠᠯᠳᠤᠭ᠎ᠠ ᠡᠬᠢᠯᠡᠨ ᠪᠠᠶᠢᠭᠤᠯᠤᠭᠳᠠᠵᠤ᠂ ᠦᠨᠦᠳᠦᠷ ᠪᠤᠯᠬᠤ ᠳᠤ ᠬᠠᠮᠢᠶ᠎ᠠ ᠪᠦᠬᠦᠢ ᠠᠵᠢᠯ ᠦᠢᠯᠡᠰ ᠡᠷᠬᠢᠯᠡᠭᠴᠢ 5000 ᠲᠦᠮᠡ ᠬᠦᠷᠴᠦ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠬᠡᠪᠴᠢᠶ᠎ᠡ ᠨᠢ 2018 ᠤᠨ ᠤ 7000 ᠳ᠋ᠦᠩᠰᠢᠭᠤᠷ ᠲᠦᠭᠦᠷᠢᠭ ᠠᠴᠠ 2019 ᠤᠨ ᠤ ᠲᠦᠮᠡᠨ ᠳ᠋ᠦᠩᠰᠢᠭᠤᠷ ᠲᠦᠭᠦᠷᠢᠭ ᠲᠤ ᠬᠦᠷᠴᠠᠢ᠃     ᠡᠨᠡ ᠬᠦ ᠵᠠᠬ᠎ᠠ ᠳᠡᠯᠭᠡᠭᠦᠷ ᠢ ᠦᠷᠭᠦᠯᠵᠢᠯᠡᠨ ᠵᠠᠳᠠᠯᠬᠤ ᠳᠤ ᠬᠡᠷᠡᠭᠯᠡᠭᠴᠢᠳ ᠨᠢ ᠡᠮᠡᠭᠳᠡᠶᠢᠴᠦᠳ ᠢᠶᠠᠷ ᠭᠤᠤᠯᠳᠠᠵᠤ ᠂ 30 ᠨᠠᠰᠤᠨ ᠠᠴᠠ ᠳᠤᠷᠤᠭᠰᠢᠬᠢ ᠡᠮᠡᠭᠳᠡᠢ ᠬᠡᠷᠡᠭᠯᠡᠭᠴᠢᠳ ᠪᠦᠬᠦ ᠲᠤᠭᠠᠨ ᠤ 63% ᠶᠢ ᠡᠵᠡᠯᠡᠭᠰᠡᠨ ᠪᠦᠭᠡᠳ ᠰᠤᠷᠭᠠᠨ ᠬᠦᠮᠦᠵᠢᠯ ᠬᠦᠷᠳᠡᠭᠰᠡᠨ ᠪᠠᠶᠢᠳᠠᠯ ᠤᠨ ᠪᠦᠷᠢᠳᠭᠡᠯ ᠢᠶᠠᠷ ᠦᠵᠡᠬᠦ ᠳᠤ 54.1% ᠶᠢᠨ ᠬᠡᠷᠡᠭᠯᠡᠭᠴᠢᠳ ᠨᠢ ᠦᠨᠳᠦᠷ ᠳᠤᠮᠳᠠᠳᠤ ᠲᠡᠭᠦᠰᠦᠭᠰᠡᠳ ᠪᠤᠯᠤᠨ᠎ᠠ᠃ ᠡᠭᠦᠨ ᠳᠤ 72.5% ᠶᠢᠨ ᠬᠡᠷᠡᠭᠯᠡᠭᠴᠢᠳ ᠤᠨ ᠤᠷᠤᠯᠭ᠎ᠠ ᠨᠢ 4000 ᠲᠦᠭᠦᠷᠢᠭ ᠠᠴᠠ ᠳᠤᠤᠷ᠎ᠠ ᠪᠠᠶᠢᠵᠤ᠂ ᠶᠡᠷᠦᠩᠬᠡᠢ   ᠳᠡᠭᠡᠨ ᠲᠡᠭᠡᠷ᠎ᠡ ᠪᠠᠨ ᠰᠤᠷᠤᠯᠭ᠎ᠠ ᠶᠢᠨ ᠨᠠᠮᠳᠠᠷ ᠬᠠᠷᠢᠴᠠᠩᠭᠤᠢ ᠳᠤᠤᠷ᠎ᠠ᠂ ᠳᠤᠮᠳᠠ ᠵᠡᠷᠭᠡ ᠶᠢᠨ ᠤᠷᠤᠯᠭ᠎ᠠ ᠪᠦᠬᠦᠢ ᠬᠡᠷᠡᠭᠯᠡᠭᠴᠢᠳ ᠢ ᠪᠦᠷᠢᠯᠳᠦᠭᠦᠯᠦᠭᠰᠡᠨ ᠪᠠᠶᠢᠨ᠎ᠠ᠃ ᠶᠠᠭ ᠡᠶᠢᠮᠦ ᠪᠠᠶᠢᠭᠰᠠᠨ ᠠᠴᠠ ᠵᠢᠷᠭᠢᠶ᠎ᠠ ᠬᠤᠳᠠᠯᠳᠤᠭᠠᠨ ᠤ ᠭᠤᠤᠯ ᠲᠠᠸᠠᠷ ᠨᠢ ᠡᠮᠡᠭᠳᠡᠶᠢᠴᠦᠳ ᠤᠨ ᠭᠤᠸ᠎ᠠ ᠵᠠᠰᠠᠯ᠂ ᠬᠤᠪᠴᠠᠰᠤ ᠬᠤᠨᠠᠷ᠂ ᠨᠢᠯᠬ᠎ᠠ ᠬᠡᠦᠬᠡᠳ ᠤᠨ ᠬᠡᠷᠡᠭᠯᠡᠬᠦ ᠵᠦᠢᠯ᠂ ᠮᠠᠷᠢᠶ᠎ᠠ ᠰᠢᠭᠤᠷᠠᠭᠤᠯᠬᠤ ᠪᠦᠳᠦᠭᠡᠭᠳᠡᠬᠦᠨ ᠵᠡᠷᠭᠡ ᠲᠠᠯ᠎ᠠ ᠳᠤ ᠭᠤᠤᠯᠳᠠᠵᠠᠢ᠃     ᠵᠢᠷᠭᠢᠶ᠎ᠠ ᠬᠤᠳᠠᠯᠳᠤᠭ᠎ᠠ ᠶᠢᠨ ᠬᠦᠭᠵᠢᠯᠳᠡ ᠶᠢ ᠳᠠᠭᠠᠯᠳᠤᠨ ᠵᠠᠬ᠎ᠠ ᠳᠡᠯᠭᠡᠭᠦᠷ ᠳᠤᠮᠳᠠ ᠵᠢᠷᠭᠢᠶ᠎ᠠ ᠬᠤᠳᠠᠯᠳᠤᠭ᠎ᠠ ᠭᠤᠤᠯᠳᠠᠭᠤ ᠳᠦᠷᠪᠡᠨ ᠲᠦᠷᠦᠯ ᠢᠶᠠᠷ ᠢᠯᠡᠷᠡᠵᠦ ᠪᠤᠢ᠃     ᠨᠢᠭᠡᠳᠦᠭᠡᠷ ᠲᠦᠷᠦᠯ ᠨᠢ ᠨᠡᠷᠡᠳᠦ ᠲᠡᠮᠳᠡᠭ ᠤᠨ ᠵᠢᠷᠭᠢᠶ᠎ᠠ ᠬᠤᠳᠠᠯᠳᠤᠭ᠎ᠠ᠃ ᠡᠨᠡ ᠨᠢ ᠵᠢᠷᠭᠢᠶ᠎ᠠ ᠬᠤᠳᠠᠯᠳᠤᠭ᠎ᠠ ᠶᠢ ᠠᠩᠬᠠᠯᠠᠨ ᠪᠠᠶᠢᠭᠤᠯᠬᠤ ᠦᠶ᠎ᠡ ᠶᠢᠨ ᠤᠤᠭᠠᠯ ᠬᠡᠯᠪᠡᠷᠢ ᠪᠤᠯᠤᠨ᠎ᠠ᠃ ᠵᠢᠷᠭᠢᠶ᠎ᠠ ᠰᠤᠹᠲ ᠠᠩᠬ᠎ᠠ ᠮᠡᠨᠳᠦᠯᠡᠵᠦ ᠪᠠᠶᠢᠬᠤ ᠳᠤ ᠬᠦᠮᠦᠰ ᠵᠢᠷᠭᠢᠶ᠎ᠠ ᠶᠢᠨ ᠨᠠᠶᠢᠵᠠ ᠳᠠᠭᠠᠨ ᠤᠯᠤᠰ ᠤᠨ ᠳᠤᠳᠤᠭᠠᠳᠤ ᠭᠠᠳᠠᠭᠠᠳᠤ ᠳᠠᠬᠢ ᠳᠦᠷᠦᠯ ᠲᠡᠮᠳᠡᠭ ᠢ ᠤᠷᠤᠯᠠᠨ ᠠᠪᠴᠤ ᠪᠠᠶᠢᠭᠰᠠᠨ ᠪᠦᠭᠡᠳ ᠡᠨᠡ ᠬᠦ ᠠᠵᠢᠯᠯᠠᠭ᠎ᠠ ᠨᠢ ᠠᠭᠠᠵᠢᠮ ᠳᠠᠭᠠᠨ ᠬᠦᠭᠵᠢᠭᠰᠡᠭᠡᠷ ᠵᠢᠷᠭᠢᠶ᠎ᠠ ᠬᠤᠳᠠᠯᠳᠤᠭ᠎ᠠ ᠪᠤᠯᠵᠠᠢ᠃ ᠲᠤᠬᠠᠢ ᠶᠢᠨ ᠦᠶ᠎ᠡ ᠳᠤ ᠵᠢᠷᠭᠢᠶ᠎ᠠ ᠶᠢᠨ ᠨᠠᠶᠢᠵᠠ ᠶᠢᠨ ᠲᠤᠭᠤᠷᠢᠭ ᠨᠢ ᠭᠤᠤᠯᠳᠠᠭᠤ ᠪᠤᠳᠠᠳᠤ ᠠᠮᠢᠳᠤᠷᠠᠯ ᠳᠤ ᠲᠠᠨᠢᠯᠴᠠᠳᠠᠭ ᠦᠶᠡᠷᠬᠡᠳᠡᠭ ᠬᠦᠮᠦᠰ ᠢᠶᠠᠷ ᠭᠤᠤᠯᠳᠠᠳᠠᠭ ᠪᠠᠶᠢᠭᠰᠠᠨ ᠠᠴᠠ ︽ᠵᠢᠷᠭᠢᠶ᠎ᠠ ᠪᠠᠷ ᠳᠠᠮᠵᠢᠨ ᠬᠤᠳᠠᠯᠳᠤᠭ᠎ᠠ ᠮᠠᠶᠢᠮᠠᠢ ᠬᠢᠬᠦ ᠳᠤ ᠢᠳᠡᠭᠡᠮᠵᠢᠳᠡᠢ︾ ᠭᠡᠬᠦ ᠰᠠᠭᠤᠭᠳᠠᠯ ᠬᠦᠮᠦᠰ ᠤᠨ ᠳᠤᠮᠳᠠ ᠲᠠᠷᠬᠠᠵᠠᠢ᠃     ᠬᠤᠶᠠᠳᠤᠭᠠᠷ ᠲᠦᠷᠦᠯ ᠨᠢ ᠨᠡᠶᠢᠭᠡᠮ ᠲᠤᠭᠤᠷᠢᠭ ᠢᠶᠠᠷ ᠰᠠᠭᠤᠷᠢᠯᠠᠭᠰᠠᠨ ᠵᠢᠷᠭᠢᠶ᠎ᠠ ᠬᠤᠳᠠᠯᠳᠤᠭ᠎ᠠ᠃ ᠨᠡᠶᠢᠭᠡᠮ ᠲᠤᠭᠤᠷᠢᠭ ᠭᠡᠳᠡᠭ ᠨᠢ ᠨᠡᠶᠢᠭᠡᠮ ᠤᠨ ᠬᠠᠯᠠᠮᠰᠢᠯ᠂ ᠬᠦᠮᠦᠰ ᠤᠨ ᠰᠤᠨᠢᠷᠬᠠᠯ ᠠᠯᠢ ᠡᠰᠡᠪᠡᠯ ᠶᠠᠮᠠᠷ ᠨᠢᠭᠡᠨ ᠵᠦᠢᠯ ᠳᠤ ᠠᠩᠬᠠᠷᠤᠯ ᠢᠶᠠᠨ ᠬᠠᠨᠳᠤᠭᠤᠯᠤᠭᠰᠠᠨ ᠬᠦᠮᠦᠰ ᠢᠶᠠᠷ ᠲᠦᠪᠯᠡᠷᠡᠭᠦᠯᠦᠭᠰᠡᠨ ᠵᠢᠷᠭᠢᠶ᠎ᠠ ᠶᠢᠨ ᠴᠤᠭᠯᠠᠷᠠᠯ ᠢ ᠵᠢᠭᠠᠨ᠎ᠠ᠃ ᠵᠠᠷᠢᠮ ᠬᠦᠮᠦᠰ ᠬᠠᠷᠠᠯᠳᠠ ᠲᠠᠢ ᠪᠠᠷ ᠰᠦᠯᠵᠢᠶᠡᠨ ᠤ ᠠᠭᠤᠯᠭ᠎ᠠ ᠶᠢ ᠨᠠᠶᠢᠷᠠᠭᠤᠯᠵᠤ ᠬᠦᠮᠦᠰ ᠤᠨ ᠠᠩᠬᠠᠷᠤᠯ ᠢ ᠳᠠᠳᠠᠵᠤ ᠂ ᠪᠢᠴᠢᠯ ᠪᠦᠷᠬᠡ᠂ ᠵᠢᠷᠭᠢᠶ᠎ᠠ ᠵᠡᠷᠭᠡ ᠰᠤᠹᠲ ᠢ ᠠᠰᠢᠭᠯᠠᠨ ᠵᠢᠷᠭᠢᠶ᠎ᠠ ᠬᠤᠳᠠᠯᠳᠤᠭ᠎ᠠ ᠶᠠᠪᠤᠭᠳᠠᠭᠤᠯᠳᠠᠭ ᠪᠠᠶᠢᠨ᠎ᠠ᠃ ᠡᠨᠡ ᠲᠦᠷᠦᠯ ᠤᠨ ᠵᠢᠷᠭᠢᠶ᠎ᠠ ᠬᠤᠳᠠᠯᠳᠤᠭ᠎ᠠ ᠡᠷᠬᠢᠯᠡᠭᠴᠢ ᠦᠭᠦᠯᠡᠯ ᠵᠤᠬᠢᠶᠠᠯ ᠨᠡᠶᠢᠳᠡᠯᠡᠬᠦ᠂ ᠰᠠᠨᠠᠯ ᠢᠶᠠᠨ ᠢᠯᠡᠳᠭᠡᠬᠦ ᠵᠡᠷᠭᠡ ᠲᠠᠯ᠎ᠠ ᠪᠠᠷ ᠬᠡᠷᠡᠭᠯᠡᠭᠴᠢᠳ ᠤᠨ ᠠᠩᠬᠠᠷᠤᠯ ᠢ ᠳᠠᠳᠠᠵᠤ᠂ ᠰᠦᠯᠵᠢᠶᠡᠨ ᠤ ᠰᠤᠷᠭᠠᠨ ᠬᠦᠮᠦᠵᠢᠯ ᠤᠨ ᠠᠵᠤ ᠦᠢᠯᠡᠰ ᠢᠶᠠᠷ ᠭᠤᠤᠯ ᠪᠤᠯᠭᠠᠳᠠᠭ᠃     ᠭᠤᠷᠪᠠᠳᠤᠭᠠᠷ ᠲᠦᠷᠦᠯ ᠨᠢ ᠵᠢᠷᠭᠢᠶ᠎ᠠ ᠰᠤᠹᠲ ᠲᠤ ᠰᠠᠭᠤᠷᠢᠯᠠᠭᠰᠠᠨ ᠵᠢᠷᠭᠢᠶ᠎ᠠ ᠬᠤᠳᠠᠯᠳᠤᠭ᠎ᠠ᠃ ᠵᠢᠷᠭᠢᠶ᠎ᠠ ᠬᠤᠳᠠᠯᠳᠤᠭᠠᠨ ᠤ ᠦᠷᠨᠢᠨ ᠬᠦᠭᠵᠢᠬᠦ ᠶᠢ ᠳᠠᠭᠠᠯᠳᠤᠨ ᠵᠢᠷᠭᠢᠶ᠎ᠠ ᠰᠤᠹᠲ ᠠᠴᠠ ︽ᠵᠢᠷᠭᠢᠶ᠎ᠠ ᠶᠢᠨ ᠵᠢᠵᠢᠭ ᠳᠡᠯᠭᠡᠭᠦᠷ︾ ᠂ ︽ᠬᠠᠷᠮᠠᠨ ᠳᠠᠬᠢ ᠳᠡᠯᠭᠡᠭᠦᠷ︾ ᠵᠡᠷᠭᠡ ᠪᠢᠴᠢᠯ ᠫᠷᠥᠭᠷᠠᠮ ᠢ ᠨᠡᠶᠢᠳᠡᠯᠡᠵᠦ᠂ ᠬᠡᠷᠡᠭᠯᠡᠭᠴᠢᠳ ᠬᠢᠭᠡᠳ ᠬᠤᠳᠠᠯᠳᠤᠭᠠᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠳᠠᠭ᠃ ᠲᠤᠰ ᠲᠦᠷᠦᠯ ᠤᠨ ᠵᠢᠷᠭᠢᠶ᠎ᠠ ᠬᠤᠳᠠᠯᠳᠤᠭ᠎ᠠ ᠨᠢ ᠲᠠᠩᠰᠠ ᠡᠪᠬᠡᠮᠡᠯ ᠪᠦᠷᠢᠨ ᠭᠦᠢᠴᠡᠳ ᠪᠦᠭᠡᠳ ᠵᠢᠷᠭᠢᠶ᠎ᠠ ᠶᠢᠨ ᠨᠠᠶᠢᠵᠠ ᠶᠢᠨ ᠲᠤᠭᠠᠨ ᠤ ᠬᠢᠵᠠᠭᠠᠷᠯᠠᠯ ᠦᠭᠡᠢ ᠵᠡᠷᠭᠡ ᠤᠨᠴᠠᠯᠢᠭ ᠲᠠᠢ ᠪᠠᠶᠢᠭᠰᠠᠨ ᠠᠴᠠ ᠯᠤᠲᠲᠧᠷᠢ ᠶᠢᠨ ᠳᠡᠯᠭᠡᠭᠦᠷ ᠲᠤ ᠤᠨᠴᠠᠭᠠᠢ ᠲᠤᠬᠢᠷᠠᠨ᠎ᠠ᠃ ᠲᠡᠷᠡᠴᠢᠯᠡᠨ ᠲᠦᠯᠦᠪᠦᠷᠢ ᠦᠭᠬᠦ ᠰᠢᠰᠲ᠋ᠧᠮ ᠨᠢ ᠬᠡᠷᠡᠭᠯᠡᠭᠴᠢ᠂ ᠬᠤᠳᠠᠯᠳᠤᠭᠴᠢ ᠭᠡᠮᠡᠬᠦ ᠬᠤᠶᠠᠷᠬᠠᠨ ᠬᠦᠮᠦᠨ ᠤ ᠳᠤᠮᠳᠠ ᠪᠤᠰᠤ ᠬᠠᠷᠢᠨ ᠵᠢᠷᠭᠢᠶ᠎ᠠ ᠶᠢᠨ ᠮᠦᠩᠭᠦᠨ ᠭᠦᠢᠯᠭᠡᠭᠡᠨ ᠤ  ᠰᠢᠰᠲ᠋ᠧᠮ ᠢᠶᠠᠷ ᠳᠠᠮᠵᠢᠳᠠᠭ ᠠᠴᠠ ᠪᠤᠰᠤᠳ ᠲᠦᠷᠦᠯ ᠲᠠᠢ ᠪᠠᠨ ᠠᠳᠠᠯᠢᠳᠬᠠᠪᠠᠯ ᠬᠠᠷᠢᠴᠠᠩᠭᠤᠢ ᠪᠠᠳᠤᠯᠠᠭ᠎ᠠ ᠲᠠᠢ ᠪᠠᠶᠢᠳᠠᠭ ᠪᠠᠶᠢᠨ᠎ᠠ᠃     ᠳᠦᠷᠪᠡᠳᠦᠭᠡᠷ ᠲᠦᠷᠦᠯ ᠨᠢ ᠬᠤᠪᠢ ᠬᠦᠮᠦᠨ ᠤ ᠵᠢᠷᠭᠢᠶ᠎ᠠ ᠬᠤᠳᠠᠯᠳᠤᠭ᠎ᠠ᠃ ᠵᠢᠷᠭᠢᠶ᠎ᠠ ᠰᠤᠹᠲ ᠢ ᠠᠩᠬ᠎ᠠ ᠵᠤᠬᠢᠶᠠᠬᠤ ᠳᠤ ᠬᠦᠮᠦᠰ ᠨᠠᠶᠢᠵᠠ ᠶᠢᠨ ᠲᠤᠭᠤᠷᠢᠭ ᠲᠠᠭᠠᠨ ᠤᠷᠤᠯᠠᠨ ᠠᠪᠬᠤ ᠬᠤᠳᠠᠯᠳᠤᠭ᠎ᠠ ᠬᠢᠳᠡᠭ ᠪᠠᠶᠢᠭᠰᠠᠨ ᠢᠶᠠᠨ ᠬᠦᠭᠵᠢᠯᠳᠡ ᠶᠢ ᠳᠠᠭᠠᠯᠳᠤᠨ ᠬᠤᠪᠢ ᠬᠦᠮᠦᠨ ᠤ ᠵᠢᠷᠭᠢᠶ᠎ᠠ ᠬᠤᠳᠠᠯᠳᠤᠭ᠎ᠠ ᠮᠡᠨᠳᠦᠯᠡᠵᠡᠢ᠃ ᠬᠤᠪᠢ ᠬᠦᠮᠦᠨ ᠤ ᠵᠢᠷᠭᠢᠶ᠎ᠠ ᠬᠤᠳᠠᠯᠳᠤᠭᠠᠨ ᠤ ᠭᠤᠤᠯ ᠲᠠᠸᠠᠷ ᠨᠢ ᠡᠬᠡ ᠨᠢᠯᠬᠠᠰ ᠤᠨ ᠬᠡᠷᠡᠭᠯᠡᠭᠡᠨ ᠤ ᠵᠦᠢᠯ᠂ ᠮᠠᠷᠢᠶ᠎ᠠ ᠰᠢᠭᠤᠷᠠᠭᠤᠯᠬᠤ ᠪᠦᠳᠦᠭᠡᠭᠳᠡᠭᠦᠨ᠂ ᠵᠠᠰᠠᠯ ᠴᠢᠮᠡᠭᠯᠡᠯ ᠤᠨ ᠵᠦᠢᠯ ᠵᠡᠷᠭᠡ ᠪᠠᠷ ᠭᠤᠤᠯᠳᠠᠳᠠᠭ᠃ ᠬᠤᠪᠢ ᠬᠦᠮᠦᠨ ᠤ ᠵᠢᠷᠭᠢᠶ᠎ᠠ ᠬᠤᠳᠠᠯᠳᠤᠭ᠎ᠠ ᠶᠢᠨ ᠲᠤᠬᠠᠢ ᠰᠦᠯᠵᠢᠶᠡᠨ ᠲᠡᠭᠡᠷ᠎ᠡ ᠤᠯᠠᠨ ᠲᠦᠷᠦᠯ ᠢᠶᠠᠷ ᠮᠠᠷᠭᠤᠳᠠᠭ ᠪᠦᠭᠡᠳ ᠮᠠᠷᠭᠤᠭᠠᠨ ᠤ ᠭᠤᠤᠯ ᠰᠡᠳᠦᠪ ᠨᠢ ᠬᠤᠳᠠᠯᠳᠤᠵᠤ ᠪᠠᠶᠢᠭ᠎ᠠ ᠲᠠᠸᠠᠷ ᠤᠨ ᠴᠢᠨᠠᠷ ᠴᠢᠨᠰᠠᠭ᠎ᠠ ᠶᠢ ᠦᠨᠡᠯᠡᠬᠦ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠪᠢᠴᠢᠭ ᠮᠠᠲ᠋ᠧᠷᠢᠶᠠᠯ ᠳᠤᠳᠠᠮᠠᠭ᠂ ᠬᠤᠳᠠᠯᠳᠤᠭᠠᠴᠢᠳ ᠤᠨ ᠵᠤᠬᠢᠶᠠᠨ ᠪᠠᠶᠢᠭᠤᠯᠤᠯᠳᠠ ᠨᠢ ᠳᠠᠮᠵᠢᠭᠤᠯᠤᠨ ᠪᠤᠷᠤᠯᠠᠭᠤᠯᠭ᠎ᠠ ᠵᠦᠭ ᠬᠡᠯᠪᠠᠶᠢᠬᠦ᠂ ᠬᠡᠷᠡᠭᠯᠡᠭᠴᠢᠳ ᠡᠷᠬᠡ ᠠᠰᠢᠭ ᠢᠶᠠᠨ ᠬᠠᠮᠠᠭᠠᠯᠠᠬᠤ ᠳᠤ ᠭᠡᠷᠡᠴᠢ ᠪᠠᠷᠢᠮᠳᠠ ᠴᠤᠭᠯᠠᠭᠤᠯᠬᠤ ᠳᠤ ᠬᠦᠴᠢᠷᠳᠡᠢ ᠵᠡᠷᠭᠡ ᠳᠤ ᠲᠦᠪᠯᠡᠷᠡᠵᠦ ᠪᠠᠶᠢᠨ᠎ᠠ᠃     ᠵᠢᠷᠭᠢᠶ᠎ᠠ ᠬᠤᠳᠠᠯᠳᠤᠭ᠎ᠠ ᠳᠤ ᠶᠠᠮᠠᠷ ᠠᠰᠠᠭᠤᠳᠠᠯ ᠤᠷᠤᠰᠢᠵᠤ ᠪᠠᠶᠢᠨ᠎ᠠ ᠪᠤᠢ︖     ᠶᠠᠭ ᠡᠶᠢᠮᠦ ᠪᠠᠶᠢᠭᠰᠠᠨ ᠠᠴᠠ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠤᠨ ᠠᠰᠠᠭᠤᠳᠠᠯ ᠴᠤ ᠭᠤᠤᠯᠳᠠᠭᠤ ᠲᠤᠰ ᠵᠦᠢᠯ ᠳᠤ ᠲᠦᠪᠯᠡᠷᠡᠵᠡᠢ᠃ ᠵᠢᠷᠭᠢᠶ᠎ᠠ ᠬᠤᠳᠠᠯᠳᠤᠭᠠᠨ ᠤ ᠠᠰᠠᠭᠤᠳᠠᠯ ᠢ ᠬᠠᠤᠯᠢ ᠳᠦᠷᠢᠮ ᠤᠨ ᠬᠠᠷᠠᠭᠠᠰᠤ ᠠᠴᠠ ᠦᠵᠡᠬᠦ ᠳᠤ ᠭᠤᠤᠯᠳᠠᠭᠤ ᠳᠤᠤᠷᠠᠬᠢ ᠬᠡᠳᠦᠨ ᠲᠠᠯ᠎ᠠ ᠪᠤᠢ᠃     ᠡᠩ ᠳᠡᠷᠢᠬᠦᠨ ᠳᠤ᠂ ᠬᠤᠳᠠᠯᠳᠤᠭᠠᠨ ᠤ ᠵᠤᠬᠢᠶᠠᠨ ᠪᠠᠶᠢᠭᠤᠯᠤᠯᠳᠠ ᠨᠢ ᠳᠠᠮᠵᠢᠭᠤᠯᠤᠨ ᠪᠤᠷᠤᠯᠠᠭᠤᠯᠭ᠎ᠠ ᠶᠢᠨ ᠬᠡᠯᠪᠡᠷᠢ ᠵᠦᠭ ᠬᠡᠯᠪᠠᠶᠢᠬᠦ᠃ ᠬᠤᠪᠢ ᠬᠦᠮᠦᠨ ᠤ ᠵᠢᠷᠭᠢᠶ᠎ᠠ ᠬᠤᠳᠠᠯᠳᠤᠭ᠎ᠠ ᠨᠢ ᠲᠤᠰ ᠭᠠᠵᠠᠷ ᠤᠷᠤᠨ ᠤ ᠪᠦᠷᠢᠨ ᠡᠷᠬᠡᠳᠦ ᠲᠦᠯᠦᠭᠡᠯᠡᠭᠴᠢ ᠠᠴᠠ ᠳᠤᠤᠷ᠎ᠠ ᠱᠠᠳᠤᠨ ᠤ ᠪᠤᠷᠤᠯᠠᠭᠤᠯᠤᠭᠴᠢ ᠪᠠᠨ ᠡᠯᠰᠡᠬᠦ ᠪᠠᠷ ᠭᠤᠤᠯᠳᠠᠨ ᠶᠠᠪᠤᠭᠳᠠᠳᠠᠭ᠃ ᠳᠤᠤᠷ᠎ᠠ ᠱᠠᠳᠤᠨ ᠤ ᠪᠤᠷᠤᠯᠠᠭᠤᠯᠤᠭᠴᠢ ᠨᠢ ᠠᠬᠢᠭᠠᠳ ᠰᠢᠨ᠎ᠡ ᠪᠤᠷᠤᠯᠠᠭᠤᠯᠤᠭᠴᠢ ᠡᠯᠰᠡᠳᠡᠭ ᠪᠤᠯᠬᠤᠷ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠠᠴᠠ ᠨᠢ ᠬᠠᠷᠠᠬᠤ ᠳᠤ ᠫᠢᠷᠡᠮᠢᠳ᠋ ᠰᠤᠪᠤᠷᠭ᠎ᠠ ᠶᠢᠨ ᠬᠡᠯᠪᠡᠷᠢ ᠲᠠᠢ ᠪᠠᠶᠢᠵᠤ᠂ ᠳᠤᠤᠷ᠎ᠠ ᠱᠠᠳᠤᠨ ᠤ ᠪᠤᠷᠤᠯᠠᠭᠤᠯᠤᠭᠴᠢ ᠨᠢ ᠤᠯᠠᠨ ᠪᠤᠯᠬᠤ ᠲᠤᠰᠤᠮ ᠲᠡᠭᠡᠷ᠎ᠡ ᠱᠠᠳᠤᠨ ᠤ ᠬᠤᠳᠠᠯᠳᠤᠭᠠᠴᠢᠳ ᠤᠨ ᠤᠷᠤᠯᠭ᠎ᠠ ᠨᠡᠮᠡᠭᠳᠡᠳᠡᠭ᠃ ᠶᠠᠭ ᠡᠶᠢᠮᠦᠷᠬᠦᠤ ᠮᠠᠶ᠋ᠢᠭ ᠤᠨ ᠪᠤᠷᠤᠯᠠᠭᠤᠯᠭ᠎ᠠ ᠶᠢᠨ ᠬᠡᠯᠪᠡᠷᠢ ᠳᠤ ᠰᠠᠭᠤᠷᠢᠯᠠᠭᠰᠠᠨ ᠠᠴᠠ ᠬᠤᠳᠠᠯᠳᠤᠵᠤ ᠪᠠᠶᠢᠭ᠎ᠠ ᠲᠠᠸᠠᠷ ᠤᠨ ᠴᠢᠨᠠᠷ ᠴᠢᠨᠰᠠᠭ᠎ᠠ ᠳᠤ ᠠᠩᠬᠠᠷᠤᠯ ᠲᠠᠯᠪᠢᠬᠤ ᠦᠭᠡᠢ ᠬᠠᠷᠢᠨ ᠳᠤᠤᠷ᠎ᠠ ᠱᠠᠳᠤᠨ ᠤ ᠪᠤᠷᠤᠯᠠᠭᠤᠯᠤᠭᠴᠢ ᠪᠠᠨ ᠨᠡᠮᠡᠭᠳᠡᠭᠦᠯᠬᠦ ᠳᠤ ᠲᠦᠪᠯᠡᠷᠡᠭᠰᠡᠨ ᠪᠠᠶᠢᠨ᠎ᠠ᠃ ᠡᠭᠦᠨ ᠤ ᠤᠯᠠᠮ ᠢᠶᠠᠷ ᠬᠤᠪᠢ ᠬᠦᠮᠦᠨ ᠤ ᠵᠢᠷᠭᠢᠶ᠎ᠠ ᠬᠤᠳᠠᠯᠳᠤᠭᠠᠨ ᠤ ᠵᠠᠷ ᠰᠤᠷᠳᠠᠯᠴᠢᠯᠠᠭᠠᠨ ᠤ ᠭᠤᠤᠯ ᠤᠨᠴᠠᠯᠢᠭ ᠨᠢ ᠤᠷᠤᠯᠭ᠎ᠠ ᠪᠠᠨ ᠵᠢᠷᠭᠢᠶ᠎ᠠ ᠶᠢᠨ ᠨᠠᠶᠢᠵᠠ ᠶᠢᠨ ᠲᠤᠭᠤᠷᠢᠭ ᠲᠤ ᠭᠠᠶᠢᠬᠠᠭᠤᠯᠬᠤ ᠬᠡᠯᠪᠡᠷᠢ ᠲᠠᠢ ᠪᠤᠯᠵᠤ᠂ ᠳᠠᠮᠵᠢᠭᠤᠯᠤᠨ ᠪᠤᠷᠤᠯᠠᠭᠤᠯᠭ᠎ᠠ ᠵᠦᠭ ᠬᠡᠯᠪᠠᠶᠢᠭ᠍ᠰᠡᠨ ᠪᠠᠶᠢᠨ᠎ᠠ᠃ ᠡᠭᠦᠨ ᠤ ᠲᠤᠬᠠᠢ ᠰᠦᠯᠵᠢᠶᠡᠨ ᠲᠡᠭᠡᠷ᠎ᠡ ᠬᠦᠮᠦᠰ ᠳᠠᠩᠳᠠ ᠮᠠᠷᠭᠤᠳᠠᠭ ᠪᠦᠭᠡᠳ ︽ᠮᠦᠩᠭᠦ ᠶᠢ ᠰᠢᠳᠦᠬᠦ ᠦᠵᠡᠯ ᠵᠢᠷᠭᠢᠶ᠎ᠠ ᠬᠤᠳᠠᠯᠳᠤᠭ᠎ᠠ ᠳᠤ ᠦᠵᠡᠭᠦᠯᠦᠭᠰᠡᠨ ᠨᠦᠯᠦᠭᠡ ᠶᠢᠨ ᠲᠤᠬᠠᠢ ᠦᠭᠦᠯᠡᠬᠦ ᠨᠢ︾ ᠭᠡᠮᠡᠬᠦ ᠦᠭᠦᠯᠡᠯ ᠬᠦᠷᠳᠡᠯ᠎ᠡ ᠨᠡᠶᠢᠳᠡᠯᠡᠭᠳᠡᠵᠦ ᠪᠠᠶᠢᠭᠰᠠᠨ ᠶᠤᠮ᠃ ᠬᠠᠷᠢᠨ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠤᠨ ᠠᠵᠢᠯᠳᠠᠳ ᠡᠨᠡ ᠲᠤᠬᠠᠢ ᠮᠠᠷᠭᠤᠬᠤ ᠳᠠᠭᠠᠨ᠄ ︽ᠤᠷᠤᠰᠢᠵᠤ ᠪᠠᠶᠢᠭ᠎ᠠ ᠪᠦᠬᠦᠨ ᠶᠤᠰᠤ ᠲᠠᠢ᠂ ᠠᠵᠤ ᠠᠬᠤᠢ ᠶᠢᠨ ᠦᠢᠯᠡ ᠠᠵᠢᠯᠯᠠᠭ᠎ᠠ ᠬᠦᠮᠦᠨ ᠲᠦᠷᠦᠯᠬᠢᠳᠡᠨ ᠤ ᠡᠷᠳᠡ ᠦᠶ᠎ᠡ ᠶᠢᠨ ᠨᠡᠶᠢᠭᠡᠮ ᠠᠴᠠ ᠦᠨᠦᠳᠦᠷ ᠪᠤᠯᠳᠠᠯ᠎ᠠ ᠬᠦᠭᠵᠢᠵᠤ ᠪᠤᠢ᠂ ᠶᠠᠭᠠᠬᠢᠬᠤ ᠳᠠᠭᠠᠨ ᠵᠢᠷᠭᠢᠶ᠎ᠠ ᠬᠤᠳᠠᠯᠳᠤᠭ᠎ᠠ ᠡᠷᠬᠢᠯᠡᠵᠦ ᠪᠤᠯᠬᠤ ᠦᠭᠡᠢ ᠪᠤᠢ︖︾ ᠭᠡᠰᠡᠨ ᠪᠠᠶᠢᠳᠠᠭ᠃     ᠳᠠᠷᠠᠭ᠎ᠠ ᠨᠢ᠂ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠪᠦᠷᠢᠮᠦᠰᠦᠨ ᠬᠦᠭᠵᠢᠭᠡ ᠦᠭᠡᠢ ᠠᠴᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠬᠦᠴᠢᠷᠳᠡᠢ᠃ ᠵᠢᠷᠭᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠪᠦᠷᠢᠮᠦᠰᠦᠨ ᠲᠤᠭᠳᠠᠪᠤᠷᠢᠳᠠᠢ ᠪᠠᠶᠢᠳᠠᠯ ᠳᠤ ᠤᠷᠤᠭ᠎ᠠ ᠦᠭᠡᠢ ᠪᠤᠯᠬᠤᠷ ᠵᠠᠷᠢᠮ ᠴᠦᠬᠡᠨ ᠲᠤᠭᠠᠨ ᠤ ᠵᠢᠷᠭᠢᠶ᠎ᠠ ᠬᠤᠳᠠᠯᠳᠤᠭ᠎ᠠ ᠡᠷᠬᠢᠯᠡᠭᠴᠢᠳ ᠬᠤᠪᠢ ᠶᠢᠨ ᠠᠰᠢᠭ ᠢᠶᠠᠨ ᠪᠤᠳᠤᠵᠤ᠂ ᠦᠢᠯᠡᠳᠪᠦᠷᠢ ᠶᠢᠨ ᠦᠨᠡᠮᠯᠡᠯ ᠦᠭᠡᠢ᠂ ᠠᠮᠤᠷ ᠲᠦᠪᠰᠢᠨ ᠤ ᠰᠢᠯᠭᠠᠯᠳᠠ ᠳᠤ ᠬᠠᠷᠠᠬᠠᠨ ᠬᠢᠷᠢ ᠲᠡᠩᠴᠡᠭᠡ ᠦᠭᠡᠢ ᠪᠦᠳᠦᠭᠡᠭᠳᠡᠭᠦᠨ ᠢ ᠬᠤᠳᠠᠯᠳᠤᠵᠤ᠂ ᠬᠡᠷᠡᠭᠯᠡᠭᠴᠢᠳ ᠤᠨ ᠡᠷᠬᠡ ᠠᠰᠢᠭ ᠲᠤ ᠬᠤᠬᠢᠷᠠᠯ ᠤᠴᠠᠷᠠᠭᠤᠯᠵᠤ ᠪᠠᠶᠢᠨ᠎ᠠ᠃ ᠵᠢᠷᠭᠢᠶ᠎ᠠ ᠬᠤᠳᠠᠯᠳᠤᠭᠠᠨ ᠤ ᠶᠠᠪᠤᠴᠠ ᠳᠤ ᠬᠡᠷᠡᠭᠯᠡᠭᠴᠢᠳ ᠠᠴᠠ ᠬᠤᠳᠠᠯᠳᠤᠭᠠᠴᠢᠳ ᠤᠨ ᠦᠨᠳᠦᠰᠦᠨ ᠪᠠᠶᠢᠳᠠᠯ ᠢ ᠮᠡᠳᠡᠵᠦ ᠴᠢᠳᠠᠬᠤ ᠦᠭᠡᠢ᠂ ᠲᠠᠸᠠᠷ ᠤᠨ ᠴᠢᠨᠠᠷ ᠴᠢᠨᠰᠠᠭ᠎ᠠ ᠶᠢ ᠰᠢᠯᠭᠠᠬᠤ ᠶᠢᠨ ᠠᠷᠭ᠎ᠠ ᠦᠭᠡᠢ᠂ ᠬᠤᠳᠠᠯᠳᠤᠭᠠᠨ ᠤ ᠪᠦᠬᠦ᠋ᠢᠯᠡ ᠶᠠᠪᠤᠴᠠ ᠳᠤ ᠪᠠᠷᠢᠮᠳᠠ ᠦᠨᠡᠮᠯᠡᠯ ᠳᠤᠳᠠᠮᠠᠭ ᠵᠡᠷᠭᠡ ᠰᠢᠯᠳᠠᠭᠠᠨ ᠠᠴᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠬᠦᠴᠢᠷᠳᠡᠢ ᠵᠡᠷᠭᠡ ᠪᠠᠶᠢᠳᠠᠯ ᠤᠷᠤᠰᠢᠵᠤ ᠪᠤᠢ᠃     ᠳᠠᠬᠢᠪᠠᠯ᠂ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠳᠤ ᠠᠰᠢᠭ ᠦᠭᠡᠢ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠪᠠᠳᠤᠯᠠᠬᠤ ᠳᠤ ᠭᠠᠶᠢᠯᠢ ᠶᠢ ᠤᠮᠳᠤᠭᠠᠢᠢᠯᠠᠬᠤ ᠶᠢᠨ ᠠᠷᠭ᠎ᠠ ᠦᠭᠡᠢ᠃ ᠵᠢᠷᠭᠢᠶ᠎ᠠ ᠬᠤᠳᠠᠯᠳᠤᠭ᠎ᠠ ᠦᠨᠦᠳᠦᠷ ᠬᠦᠷᠳᠡᠯ᠎ᠡ ᠬᠦᠭᠵᠢᠵᠦ᠂ ᠵᠠᠬ᠎ᠠ ᠳᠡᠯᠭᠡᠭᠦᠷ ᠤᠨ ᠬᠡᠪᠴᠢᠶ᠎ᠡ ᠨᠡᠯᠢᠶᠡᠳ ᠶᠡᠭᠡ ᠪᠤᠯᠤᠭᠰᠠᠨ ᠴᠤ ᠵᠢᠷᠭᠢᠶ᠎ᠠ ᠬᠤᠳᠠᠯᠳᠤᠭᠠᠨ ᠤ ᠭᠠᠶᠢᠯᠢ ᠶᠢ ᠬᠡᠷᠬᠢᠨ ᠬᠤᠷᠢᠶᠠᠬᠤ ᠲᠤᠬᠠᠢ ᠨᠡᠶᠢᠳᠡᠯᠡᠭᠡ ᠦᠭᠡᠢ ᠪᠠᠶᠢᠭᠰᠠᠭᠠᠷ᠃ ᠡᠨᠡ ᠨᠢ ᠭᠤᠤᠯᠳᠠᠭᠤ ᠰᠦᠯᠵᠢᠶ᠎ᠡ ᠳᠤ ᠰᠠᠭᠤᠷᠢᠯᠠᠭᠰᠠᠨ ᠠᠴᠠ ᠵᠢᠷᠭᠢᠶ᠎ᠠ ᠬᠤᠳᠠᠯᠳᠤᠭ᠎ᠠ ᠶᠢ ᠬᠢᠨᠠᠨ ᠬᠠᠮᠢᠶᠠᠷᠬᠤ ᠳᠤ ᠬᠦᠴᠢᠷᠳᠡᠢ᠂ ᠬᠤᠳᠠᠯᠳᠤᠭᠠᠨ ᠤ ᠪᠠᠷᠢᠮᠳᠠ ᠦᠭᠡᠢ ᠵᠡᠷᠭᠡ ᠠᠰᠠᠭᠤᠳᠠᠯ ᠢ ᠪᠤᠢ ᠪᠤᠯᠭᠠᠭᠰᠠᠨ ᠶᠤᠮ᠃     ᠵᠢᠷᠭᠢᠶ᠎ᠠ ᠬᠤᠳᠠᠯᠳᠤᠭᠠᠨ ᠤ ᠢᠷᠡᠭᠡᠳᠦᠢ ᠶᠠᠮᠠᠷ ᠪᠤᠯᠳᠠᠭ ᠪᠤᠯ︖     ᠪᠦᠷᠢᠳᠭᠡᠯ ᠢ ᠦᠨᠳᠦᠰᠦᠯᠡᠪᠡᠯ᠂ ᠮᠠᠨ ᠤ ᠤᠯᠤᠰ ᠤᠨ ᠨᠡᠶᠢᠭᠡᠮ ᠤᠨ ᠬᠠᠷᠢᠯᠴᠠᠭᠠᠨ ᠳᠤ ᠰᠠᠭᠤᠷᠢᠯᠠᠭᠰᠠᠨ ᠡᠯᠧᠺᠲᠷᠤᠨ ᠬᠤᠳᠠᠯᠳᠤᠭ᠎ᠠ ᠮᠠᠰᠢ  ᠲᠦᠷᠭᠡᠨ ᠬᠦᠭᠵᠢᠯᠳᠡ ᠲᠠᠢ ᠪᠠᠶᠢᠵᠤ᠂ 2018 ᠤᠨ ᠤ ᠳᠤᠮᠳᠠᠳᠤ ᠤᠯᠤᠰ ᠤᠨ ᠨᠡᠶᠢᠭᠡᠮ ᠤᠨ ᠬᠠᠷᠢᠯᠴᠠᠭᠠᠨ ᠤ ᠰᠤᠹᠲ ᠲᠤ ᠰᠠᠭᠤᠷᠢᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠡᠪᠴᠢᠶ᠎ᠡ ᠨᠡᠶᠢᠳᠡ 6268.5 ᠳ᠋ᠦᠩᠰᠢᠭᠤᠷ ᠲᠦᠭᠦᠷᠢᠭ ᠲᠤ ᠲᠤᠯᠵᠤ᠂ 2017 ᠤᠨ ᠢ ᠪᠤᠳᠤᠪᠠᠯ 255% ᠪᠠᠷ ᠨᠡᠮᠡᠭᠳᠡᠭᠰᠡᠨ ᠪᠠᠶᠢᠳᠠᠭ᠃ ᠲᠦᠰᠦᠭᠡᠯᠡᠭᠰᠡᠨ ᠢᠶᠠᠷ᠂ 2021 ᠤᠨ ᠪᠤᠯᠳᠡᠯ᠎ᠡ ᠲᠤᠰ ᠵᠠᠬ᠎ᠠ ᠳᠡᠯᠭᠡᠭᠦᠷ ᠤᠨ ᠬᠡᠪᠴᠢᠶ᠎ᠡ ᠨᠢ 28646 ᠳ᠋ᠦᠩᠰᠢᠭᠤᠷ ᠲᠦᠭᠦᠷᠢᠭ ᠬᠦᠷᠬᠦ ᠪᠤᠯᠤᠯᠴᠠᠭ᠎ᠠ ᠲᠠᠢ ᠪᠠᠶᠢᠨ᠎ᠠ᠃     ᠵᠢᠷᠭᠢᠶ᠎ᠠ ᠬᠤᠳᠠᠯᠳᠤᠭᠠᠨ ᠤ ᠬᠠᠮᠢᠶ᠎ᠠ ᠪᠦᠬᠦᠢ ᠠᠵᠢᠯᠳᠠᠳ ᠲᠤ ᠬᠠᠨᠳᠤᠭᠤᠯᠤᠭᠰᠠᠨ ᠪᠠᠶᠢᠴᠠᠭᠠᠯᠳᠠ ᠶᠢ ᠦᠨᠳᠦᠰᠦᠯᠡᠪᠡᠯ᠂ ᠵᠢᠷᠭᠢᠶ᠎ᠠ ᠬᠤᠳᠠᠯᠳᠤᠭ᠎ᠠ ᠶᠢ ᠡᠵᠡᠩᠨᠡᠭᠴᠢᠳ ᠭᠤᠤᠯᠳᠠᠭᠤ ᠡᠮᠡᠭᠳᠡᠶᠢᠴᠦᠳ ᠢᠶᠠᠷ ᠪᠦᠷᠢᠯᠳᠦᠵᠦ᠂ ᠤᠯᠠᠩᠬᠢ ᠡᠵᠡᠩᠨᠡᠭᠴᠢᠳ ᠤᠨ ᠡᠵᠡᠩᠨᠡᠯᠳᠡ ᠶᠢᠨ ᠬᠤᠭᠤᠴᠠᠭ᠎ᠠ ᠨᠢ ᠬᠠᠭᠠᠰ ᠵᠢᠯ ᠠᠴᠠ ᠬᠤᠶᠠᠷ ᠵᠢᠯ ᠳᠤ ᠲᠦᠪᠯᠡᠷᠡᠵᠦ ᠪᠤᠢ᠃ ᠬᠡᠷᠡᠭᠯᠡᠭᠴᠢᠳ ᠤᠨ ᠲᠠᠯ᠎ᠠ ᠪᠠᠷ᠂ 46.67% ᠶᠢᠨ ᠬᠦᠮᠦᠰ ᠨᠢ ᠶᠡᠭᠡ ᠳᠡᠭᠡᠳᠦ ᠰᠤᠷᠭᠠᠭᠤᠯᠢ ᠶᠢᠨ ᠤᠶᠤᠳᠠᠨ ᠳᠤ ᠲᠦᠪᠯᠡᠷᠡᠵᠦ᠂ ᠵᠢᠷᠭᠢᠶ᠎ᠠ ᠬᠤᠳᠠᠯᠳᠤᠭᠠᠨ ᠤ ᠲᠠᠸᠠᠷ ᠢ ᠳᠠᠬᠢᠨ ᠠᠪᠬᠤ ᠳᠤᠮᠳᠠᠴᠢ ᠨᠤᠷᠮ᠎ᠠ ᠨᠢ 5% ᠠᠴᠠ ᠳᠤᠤᠷ᠎ᠠ ᠪᠠᠶᠢᠨ᠎ᠠ᠃ ᠡᠭᠦᠨ ᠠᠴᠠ ᠦᠵᠡᠪᠡᠯ ᠤᠳᠤᠬᠢ ᠱᠠᠳᠤᠨ ᠤ ᠵᠢᠷᠭᠢᠶ᠎ᠠ ᠬᠤᠳᠠᠯᠳᠤᠭᠠᠨ ᠤ ᠡᠵᠡᠩᠨᠡᠯᠳᠡ ᠶᠢᠨ ᠬᠦᠭᠵᠢᠯᠳᠡ ᠶᠢᠨ ᠤᠷᠤᠨ ᠵᠠᠢ ᠨᠡᠯᠢᠶᠡᠳ ᠶᠡᠭᠡ ᠪᠠᠶᠢᠨ᠎ᠠ᠃     2018 ᠤᠨ ᠤ 8 ᠰᠠᠷ᠎ᠠ ᠶᠢᠨ 31 ᠤ ᠡᠳᠦᠷ ︽ᠡᠯᠧᠺᠲᠷᠤᠨ ᠬᠤᠳᠠᠯᠳᠤᠭᠠᠨ ᠤ ᠬᠠᠤᠯᠢ︾ ᠨᠡᠶᠢᠳᠡᠯᠡᠭᠳᠡᠵᠦ᠂ 2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠭᠳᠡᠵᠦ᠂ ᠲᠤᠰ ᠬᠠᠤᠯᠢ ᠳᠤ ᠵᠢᠷᠭᠢᠶ᠎ᠠ ᠬᠤᠳᠠᠯᠳᠤᠭ᠎ᠠ ᠶᠢ ᠡᠯᠧᠺᠲᠷᠤᠨ ᠬᠤᠳᠠᠯᠳᠤᠭᠠᠨ ᠤ ᠬᠦᠷᠢᠶ᠎ᠡ ᠬᠡᠪᠴᠢᠶᠡᠨ ᠳᠤ ᠲᠤᠭᠳᠠᠭᠠᠨ ᠪᠠᠷᠢᠮᠵᠢᠶᠠᠯᠠᠭᠰᠠᠨ ᠠᠴᠠ ᠵᠢᠷᠭᠢᠶ᠎ᠠ ᠬᠤᠳᠠᠯᠳᠤᠭ᠎ᠠ ᠶᠢᠨ ᠠᠵᠤ ᠦᠢᠯᠡᠰ ᠨᠢ ᠬᠠᠤᠯᠢ ᠳᠦᠷᠢᠮ ᠤᠨ ᠪᠠᠳᠤᠯᠠᠭ᠎ᠠ ᠲᠠᠢ ᠪᠤᠯᠵᠤ᠂ ᠬᠠᠮᠢᠶ᠎ᠠ ᠪᠦᠬᠦᠢ ᠠᠵᠤ ᠦᠢᠯᠡᠰ ᠤᠨ ᠠᠵᠢᠯᠳᠠᠨ ᠤ ᠬᠦᠷᠢᠶᠡᠯᠡᠯ ᠢ ᠤᠯᠵᠤ ᠴᠢᠳᠠᠵᠠᠢ᠃     — ᠵᠢᠷᠭᠢᠶ᠎ᠠ  ᠬᠤᠳᠠᠯᠳᠤᠭ᠎ᠠ ᠨᠢ ᠢᠷᠡᠭᠡᠳᠦᠢ   ᠳᠤ ᠤᠯᠠᠨ ᠲᠠᠯ᠎ᠠ ᠪᠠᠷ ᠬᠦᠭᠵᠢᠬᠦ ᠨᠢ ᠳᠠᠮᠵᠢᠭ ᠦᠭᠡᠢ᠂ ᠢᠯᠠᠩᠭᠤᠶ᠎ᠠ 7 ᠰᠠᠷ᠎ᠠ ᠶᠢᠨ 15 ᠤ ᠡᠳᠦᠷ ᠤᠯᠤᠰ ᠤᠨ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠵᠢᠷᠭᠢᠶ᠎ᠠ ᠬᠤᠳᠠᠯᠳᠤᠭ᠎ᠠ ᠶᠢ ᠭᠦᠬᠢᠭᠦᠯᠬᠦ ᠰᠠᠨᠠᠯ ᠢ ᠨᠡᠶᠢᠳᠡᠯᠡᠭᠰᠡᠨ᠂ ᠡᠨᠡ ᠨᠢ ᠵᠢᠷᠭᠢᠶ᠎ᠠ ᠬᠤᠳᠠᠯᠳᠤᠭ᠎ᠠ ᠳᠤ ᠭᠦᠨ ᠭᠦᠨᠵᠡᠭᠡᠢ ᠠᠴᠢ ᠬᠤᠯᠪᠤᠭᠳᠠᠯ ᠲᠠᠢ ᠪᠤᠯᠬᠤ ᠨᠢ ᠶᠠᠷᠢᠶᠠᠨ ᠦᠭᠡᠢ ᠭᠡᠵᠦ ᠰᠧ ᠹᠦ᠋ ᠪᠦᠯᠦᠭᠯᠡᠯ ᠢ ᠡᠭᠦᠰᠭᠡᠨ ᠪᠠᠶᠢᠭᠤᠯᠤᠭᠴᠢ ᠡᠤ ᠵᠤᠤ ᠭᠦᠸᠧ ᠶᠠᠷᠢᠯ᠎ᠠ᠃     ᠡᠤ ᠵᠤᠤ ᠭᠦᠸᠧ ᠵᠢᠷᠭᠢᠶ᠎ᠠ ᠬᠤᠳᠠᠯᠳᠤᠭ᠎ᠠ ᠶᠢᠨ ᠶᠡᠷᠦᠩᠬᠡᠢ ᠬᠠᠨᠳᠤᠰᠢ ᠶᠢᠨ ᠲᠤᠬᠠᠢ ᠬᠤᠶᠠᠷ ᠲᠠᠯ᠎ᠠ ᠪᠠᠷ ᠶᠠᠷᠢᠭᠰᠠᠨ ᠪᠠᠶᠢᠨ᠎ᠠ᠃     ᠲᠡᠭᠦᠨ ᠤ ᠦᠵᠡᠬᠦ ᠪᠠᠷ᠄ ᠦᠨᠡᠨᠴᠢ ᠢᠳᠡᠭᠡᠮᠵᠢᠳᠡᠢ ᠪᠠᠶᠢᠬᠤ ᠶᠢ ᠡᠷᠬᠢᠮᠯᠡᠵᠦ᠂ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠤᠨ ᠬᠢᠨᠠᠯᠳᠠ ᠶᠢ ᠴᠢᠩᠭᠠᠳᠬᠠᠬᠤ ᠲᠤᠬᠠᠢ᠃ ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠢ ᠡᠷᠬᠢᠯᠡᠬᠦ ᠳᠤ ᠬᠠᠷᠢᠴᠠᠩᠭᠤᠢ ᠬᠢᠯᠪᠠᠷᠬᠠᠨ ᠪᠠᠶᠢᠭᠰᠠᠨ ᠠᠴᠠ ᠨᠢᠭᠡ ᠲᠠᠯ᠎ᠠ ᠪᠠᠷ ᠵᠢᠷᠭᠢᠶ᠎ᠠ ᠬᠤᠳᠠᠯᠳᠤᠭᠠᠨ ᠤ ᠬᠦᠭᠵᠢᠯᠳᠡ ᠦᠳᠳᠡᠷ ᠲᠦᠷᠭᠡᠨ ᠬᠦᠭᠵᠢᠵᠦ ᠴᠢᠳᠠᠭᠰᠠᠨ᠂ ᠨᠦᠭᠦᠭᠡ ᠲᠠᠯ᠎ᠠ ᠪᠠᠷ ᠴᠦᠬᠡᠨ ᠬᠦᠮᠦᠰ ᠲᠠᠸᠠᠷ ᠤᠨ ᠴᠢᠨᠠᠷ ᠴᠢᠨᠰᠠᠭ᠎ᠠ ᠶᠢ ᠤᠮᠳᠤᠭᠠᠢᠢᠯᠠᠭᠰᠠᠨ ᠦᠵᠡᠭᠳᠡᠯ ᠡᠭᠦᠰᠦᠭᠰᠡᠨ ᠪᠠᠶᠢᠨ᠎ᠠ᠃ ᠤᠳᠤᠬᠠᠨ ᠳᠤ ᠮᠠᠨ ᠤ ᠤᠯᠤᠰ ᠤᠨ ᠵᠢᠷᠭᠢᠶ᠎ᠠ ᠬᠤᠳᠠᠯᠳᠤᠭᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠠᠤᠯᠢ ᠰᠤᠳᠤᠯᠤᠯ ᠤᠨ ᠲᠦᠪ᠂ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠠᠴᠠ ᠬᠤᠯᠪᠤᠭᠠᠯᠠᠨ ᠰᠤᠳᠤᠯᠵᠤ ︽ᠵᠢᠷᠭᠢᠶ᠎ᠠ ᠬᠤᠳᠠᠯᠳᠤᠭᠠᠨ ᠤ ᠠᠵᠤ ᠦᠢᠯᠡᠰ ᠤᠨ ᠪᠠᠷᠢᠮᠵᠢᠶ᠎ᠠ︾ ᠶᠢ ᠨᠡᠶᠢᠳᠡᠯᠡᠵᠦ᠂ ᠶᠠᠭ ᠵᠠᠰᠠᠯᠳᠠ ᠶᠢᠨ ᠱᠠᠳᠤᠨ ᠳᠤ ᠤᠷᠤᠭᠤᠯᠤᠭᠠᠳ ᠪᠤᠢ᠃ ᠢᠷᠡᠭᠡᠳᠦᠢ ᠳᠤ ᠲᠤᠰ ᠪᠠᠷᠢᠮᠵᠢᠶ᠎ᠠ ᠳᠤ ᠰᠠᠭᠤᠷᠢᠯᠠᠨ ᠵᠢᠷᠭᠢᠶ᠎ᠠ ᠬᠤᠳᠠᠯᠳᠤᠭ᠎ᠠ ᠤᠯᠠᠮ ᠪᠠᠷᠢᠮᠵᠢᠶᠠᠵᠢᠨ ᠬᠦᠭᠵᠢᠬᠦ ᠪᠤᠯᠤᠨ᠎ᠠ᠃     ᠪᠤᠷᠤᠯᠠᠭᠤᠯᠭ᠎ᠠ ᠶᠢᠨ ᠬᠡᠯᠪᠡᠷᠢ ᠳᠤ ᠬᠠᠮᠢᠶᠠᠷᠤᠯᠳᠠ ᠶᠢ ᠴᠢᠩᠭᠠᠳᠬᠠᠬᠤ᠃ ᠵᠢᠷᠭᠢᠶ᠎ᠠ ᠬᠤᠳᠠᠯᠳᠤᠭ᠎ᠠ ᠶᠢᠨ ᠮᠡᠷᠭᠡᠵᠢᠯ᠂ ᠪᠤᠷᠤᠯᠠᠭᠤᠯᠬᠤ ᠬᠡᠯᠪᠡᠷᠢ ᠲᠠᠰᠤᠷᠠᠯᠳᠠ ᠦᠭᠡᠢ ᠬᠦᠭᠵᠢᠬᠦ ᠶᠢ ᠳᠠᠭᠠᠯᠳᠤᠨ ᠬᠡᠷᠡᠭᠯᠡᠭᠴᠢᠳ ᠤᠨ ᠪᠠᠶᠢᠳᠠᠯ ᠳᠤ ᠵᠤᠬᠢᠴᠠᠭᠤᠯᠵᠤ᠂ ᠲᠠᠸᠠᠷ ᠤᠨ ᠴᠢᠨᠠᠷ ᠴᠢᠨᠰᠠᠭ᠎ᠠ ᠳᠤ ᠰᠠᠭᠤᠷᠢᠯᠠᠨ ᠪᠤᠷᠤᠯᠠᠭᠤᠯᠭ᠎ᠠ ᠶᠢᠨ ᠬᠡᠯᠪᠡᠷᠢ ᠪᠠᠨ ᠰᠢᠨᠡᠴᠢᠯᠡᠬᠦ ᠬᠡᠷᠡᠭᠳᠡᠢ ᠪᠤᠯᠵᠤ ᠪᠠᠶᠢᠨ᠎ᠠ᠃
 
ᠢᠷᠡᠯᠲᠡ᠄ ᠣᠷᠳᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号