ᠵᠢᠯᠤᠭᠤᠴᠢ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠪᠠᠨ APP᠎ ᠢᠶᠠᠷ ᠲᠤᠰᠢᠶᠠᠵᠤ ᠪᠤᠯᠤᠨ᠎ᠠ
ᠨᠡᠶᠢᠲᠡᠯᠡᠭᠰᠡᠨ ᠴᠠᠭ᠄
2020/9/24
    ᠤᠢᠢᠷ᠎ᠠ ᠳᠤ᠂ ᠲᠤᠳᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠤᠪᠴᠢᠶ᠎ᠠ ︽ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾ ᠲᠠᠪᠴᠠᠩ ᠢ ᠰᠢᠯᠢᠳᠡᠭᠵᠢᠬᠦᠯᠵᠤ᠂ ᠵᠢᠯᠤᠭᠤᠴᠢᠳ ᠵᠠᠮ ᠬᠠᠷᠢᠯᠴᠠᠭᠠᠨ ᠤ ᠲᠦᠷᠢᠮ ᠢ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠪᠠᠨ ᠭᠠᠷ ᠤᠳᠠᠰᠤᠨ APP᠎ ᠢᠶᠠᠷ ᠲᠤᠰᠢᠶᠠᠵᠤ ᠪᠤᠯᠬᠤ ᠪᠤᠯᠭᠠᠪᠠ᠂ ᠭᠡᠪᠡᠴᠤ ᠵᠦᠪᠭᠡᠨ ᠲᠤᠰ ᠬᠦᠮᠤᠨ ᠤ ᠨᠡᠷ᠎ᠠ ᠲᠡᠭᠡᠷ᠎ᠠ ᠲᠠᠩᠰᠠᠯᠠᠬᠰᠠᠨ ᠮᠠᠰᠢᠨᠳᠤ ᠲᠡᠷᠭᠡᠨ ᠤ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠶᠢ ᠲᠤᠰᠢᠶᠠᠵᠤ ᠲᠡᠶᠢᠯᠤᠨ᠎ᠠ᠃     ᠤᠢᠢᠯᠠᠭᠠᠬᠰᠠᠨ ᠢᠶᠠᠷ᠂ ᠲᠤᠰ ᠲᠠᠪᠴᠠᠩ ᠢ ᠰᠢᠯᠢᠳᠡᠭᠵᠢᠬᠦᠯᠦᠭᠰᠡᠨ ᠢᠶᠠᠷ ᠵᠢᠯᠤᠭᠤᠴᠢ ︽ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾᠎ ᠶᠢᠨ ᠭᠠᠷ ᠤᠳᠠᠰᠤᠨ APP᠎ ᠢᠶᠠᠷ ᠦᠭᠡᠷ᠎ᠠ ᠬᠦᠮᠤᠨ ᠤ ᠨᠡᠷ᠎ᠠ ᠲᠡᠭᠡᠷ᠎ᠠ ᠲᠠᠩᠰᠠᠯᠠᠬᠰᠠᠨ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠬᠤ ᠪᠤᠶᠤ ᠰᠢᠭᠤᠳ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠬᠠᠢᠢᠯᠠᠬᠰᠠᠨ ᠠᠵᠢᠯ ᠤᠨ ᠴᠤᠩᠬᠤᠨ ᠲᠡᠭᠡᠷ᠎ᠠ ᠤᠴᠢᠵᠤ ᠦᠭᠡᠷ᠎ᠠ ᠬᠦᠮᠤᠨ ᠤ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ︽ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾᠎ ᠶᠢᠨ ᠭᠠᠷ ᠤᠳᠠᠰᠤᠨ APP᠎ ᠢᠶᠠᠷ ᠲᠡᠮᠵᠢᠨ ᠦᠭᠡᠷ᠎ᠠ ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠦᠪᠡᠷ ᠢᠶᠠᠨ ᠲᠠᠩᠰᠠᠯᠠᠭᠤᠯᠬᠤ ᠳᠤ ᠵᠡᠷᠭᠡ ᠪᠠᠷ 3 ᠦᠭᠡᠷ᠎ᠠ ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ᠲᠠᠩᠰᠠᠯᠠᠭᠤᠯᠬᠤ ᠦᠶᠡᠰ ᠵᠦᠪᠭᠡᠨ ᠲᠡᠷᠭᠡᠨ ᠤ ᠨᠤᠮᠧᠷ᠂ ᠬᠦᠳᠡᠯᠭᠡᠬᠦᠷ ᠮᠠᠰᠢᠨ ᠤ ᠨᠤᠮᠧᠷ ᠤᠨ ᠰᠡᠬᠦᠯ ᠤᠨ 6 ᠤᠷᠤᠨᠳᠤ ᠲᠤᠭ᠎ᠠ ᠪᠤᠯᠤᠨ ᠲᠡᠷᠭᠡᠨ ᠡᠵᠡᠨ ᠤ ᠬᠠᠷᠢᠴᠠᠭ᠎ᠠ ᠵᠢᠴᠢ ᠰᠢᠰᠲ᠋ᠧᠮ ᠤᠨ ᠲᠠᠩᠰᠠᠯᠠᠭᠤᠯᠬᠤ ᠪᠠᠷ ᠪᠠᠶᠢᠬᠤ ᠮᠠᠰᠢᠨ ᠲᠡᠷᠭᠡᠨ ᠤ ᠡᠵᠡᠨ ᠤ ᠭᠠᠷ ᠤᠳᠠᠰᠤᠨ ᠳᠤ ᠲᠠᠮᠵᠢᠭᠤᠯᠤᠬᠰᠠᠨ ᠰᠢᠯᠭᠠᠨ ᠪᠠᠶᠢᠴᠠᠭᠠᠬᠤ ᠨᠤᠮᠧᠷ ᠢ ᠪᠢᠴᠢᠨ᠎ᠠ᠃ ᠮᠠᠰᠢᠨ ᠲᠡᠷᠭᠡᠨ ᠤ ᠦᠮᠴᠢᠯᠡᠭᠴᠢ ᠭᠡᠵᠢᠶ᠎ᠠ ᠴᠤ ᠭᠡᠰᠡᠨ ᠠᠰᠠᠭᠤᠨ ᠯᠠᠪᠯᠠᠵᠤ ᠪᠤᠯᠬᠤ ᠪᠦᠭᠡᠳ ᠲᠠᠩᠰᠠᠯᠠᠭᠤᠯᠤᠬᠰᠠᠨ ᠬᠠᠷᠢᠴᠠᠭ᠎ᠠ ᠪᠠᠨ ᠲᠠᠰᠤᠯᠵᠤ ᠪᠤᠯᠤᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号