ᠤᠢᠢᠷ᠎ᠠ ᠳᠤ᠂ ᠲᠤᠳᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠤᠪᠴᠢᠶ᠎ᠠ | ︽ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾ ᠲᠠᠪᠴᠠᠩ ᠢ ᠰᠢᠯᠢᠳᠡᠭᠵᠢᠬᠦᠯᠵᠤ᠂ ᠵᠢᠯᠤᠭᠤᠴᠢᠳ ᠵᠠᠮ | ᠬᠠᠷᠢᠯᠴᠠᠭᠠᠨ ᠤ ᠲᠦᠷᠢᠮ ᠢ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠪᠠᠨ ᠭᠠᠷ ᠤᠳᠠᠰᠤᠨ APP ᠢᠶᠠᠷ | ᠲᠤᠰᠢᠶᠠᠵᠤ ᠪᠤᠯᠬᠤ ᠪᠤᠯᠭᠠᠪᠠ᠂ ᠭᠡᠪᠡᠴᠤ ᠵᠦᠪᠭᠡᠨ ᠲᠤᠰ ᠬᠦᠮᠤᠨ ᠤ ᠨᠡᠷ᠎ᠠ ᠲᠡᠭᠡᠷ᠎ᠠ ᠲᠠᠩᠰᠠᠯᠠᠬᠰᠠᠨ ᠮᠠᠰᠢᠨᠳᠤ | ᠲᠡᠷᠭᠡᠨ ᠤ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ ᠲᠤᠷᠭᠠᠭᠤᠯᠢ ᠶᠢᠨ ᠮᠦᠡᠭᠬᠦ ᠶᠢ ᠲᠤᠰᠢᠶᠠᠵᠤ | ᠲᠡᠶᠢᠯᠤᠨ᠎ᠠ᠃ | ᠤᠢᠢᠯᠠᠭᠠᠬᠰᠠᠨ ᠢᠶᠠᠷ᠂ ᠲᠤᠰ ᠲᠠᠪᠴᠠᠩ ᠢ ᠰᠢᠯᠢᠳᠡᠭᠵᠢᠬᠦᠯᠦᠭᠰᠡᠨ ᠢᠶᠠᠷ ᠵᠢᠯᠤᠭᠤᠴᠢ ︽ᠵᠠᠮ ᠬᠠᠷᠢᠯᠴᠠᠭᠠᠨ ᠤ | ᠬᠠᠮᠢᠶᠠᠷᠤᠯᠳᠠ ᠶᠢᠨ 12123︾ ᠶᠢᠨ ᠭᠠᠷ ᠤᠳᠠᠰᠤᠨ APP ᠢᠶᠠᠷ ᠦᠭᠡᠷ᠎ᠠ ᠬᠦᠮᠤᠨ ᠤ ᠨᠡᠷ᠎ᠠ ᠲᠡᠭᠡᠷ᠎ᠠ | ᠲᠠᠩᠰᠠᠯᠠᠬᠰᠠᠨ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠬᠤ ᠪᠤᠶᠤ ᠰᠢᠭᠤᠳ ᠲᠤᠳᠤᠭᠠᠳᠤ ᠶᠢ | ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠬᠠᠢᠢᠯᠠᠬᠰᠠᠨ | ᠠᠵᠢᠯ ᠤᠨ ᠴᠤᠩᠬᠤᠨ ᠲᠡᠭᠡᠷ᠎ᠠ ᠤᠴᠢᠵᠤ ᠦᠭᠡᠷ᠎ᠠ ᠬᠦᠮᠤᠨ ᠤ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ︽ | ᠵᠠᠮ ᠬᠠᠷᠢᠯᠴᠠᠭᠠᠨ ᠤ ᠬᠠᠮᠢᠶᠠᠷᠤᠯᠳᠠ ᠶᠢᠨ 12123︾ ᠶᠢᠨ ᠭᠠᠷ ᠤᠳᠠᠰᠤᠨ APP ᠢᠶᠠᠷ ᠲᠡᠮᠵᠢᠨ ᠦᠭᠡᠷ᠎ᠠ | ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠦᠪᠡᠷ ᠢᠶᠠᠨ ᠲᠠᠩᠰᠠᠯᠠᠭᠤᠯᠬᠤ ᠳᠤ ᠵᠡᠷᠭᠡ ᠪᠠᠷ 3 ᠦᠭᠡᠷ᠎ᠠ | ᠬᠦᠮᠤᠨ ᠤ ᠪᠠᠭ᠎ᠠ ᠭᠡᠯᠪᠡᠷᠢ ᠶᠢᠨ ᠮᠠᠰᠢᠨ ᠲᠡᠷᠭᠡ ᠶᠢ ᠲᠠᠩᠰᠠᠯᠠᠭᠤᠯᠵᠤ ᠪᠤᠯᠤᠨ᠎ᠠ᠃ ᠲᠠᠩᠰᠠᠯᠠᠭᠤᠯᠬᠤ ᠦᠶᠡᠰ ᠵᠦᠪᠭᠡᠨ | ᠲᠡᠷᠭᠡᠨ ᠤ ᠨᠤᠮᠧᠷ᠂ ᠬᠦᠳᠡᠯᠭᠡᠬᠦᠷ ᠮᠠᠰᠢᠨ ᠤ ᠨᠤᠮᠧᠷ ᠤᠨ ᠰᠡᠬᠦᠯ ᠤᠨ 6 ᠤᠷᠤᠨᠳᠤ ᠲᠤᠭ᠎ᠠ ᠪᠤᠯᠤᠨ ᠲᠡᠷᠭᠡᠨ | ᠡᠵᠡᠨ ᠤ ᠬᠠᠷᠢᠴᠠᠭ᠎ᠠ ᠵᠢᠴᠢ ᠰᠢᠰᠲ᠋ᠧᠮ ᠤᠨ ᠲᠠᠩᠰᠠᠯᠠᠭᠤᠯᠬᠤ ᠪᠠᠷ ᠪᠠᠶᠢᠬᠤ ᠮᠠᠰᠢᠨ ᠲᠡᠷᠭᠡᠨ ᠤ ᠡᠵᠡᠨ ᠤ ᠭᠠᠷ | ᠤᠳᠠᠰᠤᠨ ᠳᠤ ᠲᠠᠮᠵᠢᠭᠤᠯᠤᠬᠰᠠᠨ ᠰᠢᠯᠭᠠᠨ ᠪᠠᠶᠢᠴᠠᠭᠠᠬᠤ ᠨᠤᠮᠧᠷ ᠢ ᠪᠢᠴᠢᠨ᠎ᠠ᠃ ᠮᠠᠰᠢᠨ ᠲᠡᠷᠭᠡᠨ ᠤ ᠦᠮᠴᠢᠯᠡᠭᠴᠢ | ᠭᠡᠵᠢᠶ᠎ᠠ ᠴᠤ ᠭᠡᠰᠡᠨ ᠠᠰᠠᠭᠤᠨ ᠯᠠᠪᠯᠠᠵᠤ ᠪᠤᠯᠬᠤ ᠪᠦᠭᠡᠳ ᠲᠠᠩᠰᠠᠯᠠᠭᠤᠯᠤᠬᠰᠠᠨ ᠬᠠᠷᠢᠴᠠᠭ᠎ᠠ ᠪᠠᠨ ᠲᠠᠰᠤᠯᠵᠤ | ᠪᠤᠯᠤᠨ᠎ᠠ᠃ |