ᠨᠢᠭᠡ ᠬᠦᠮᠦᠨ ᠤ ᠤᠬᠠᠭᠠᠨ ᠬᠦᠷᠬᠦ ᠦᠭᠡᠢ ᠬᠤᠶᠠᠷ ᠬᠦᠮᠦᠨ ᠤ ᠤᠬᠠᠭᠠᠨ ᠪᠠᠷᠠᠬᠤ ᠦᠭᠡᠢ
ᠨᠡᠶᠢᠲᠡᠯᠡᠭᠰᠡᠨ ᠴᠠᠭ᠄
2020/9/25
    ᠨᠢᠭᠡ ᠬᠦᠮᠦᠨ ᠤ ᠤᠬᠠᠭᠠᠨ ᠬᠦᠷᠬᠦ ᠦᠭᠡᠢ᠂ ᠬᠤᠶᠠᠷ ᠬᠦᠮᠦᠨ ᠤ ᠤᠬᠠᠭᠠᠨ ᠪᠠᠷᠠᠬᠤ ᠦᠭᠡᠢ ᠭᠡᠵᠦ ᠮᠠᠨᠠᠶᠢᠬᠢᠨ ᠶᠠᠷᠢᠳᠠᠭ᠃ ᠬᠤᠷᠰᠢᠵᠦ ᠬᠤᠯᠪᠤᠭᠠᠯᠠᠭᠰᠠᠨ ᠠᠴᠠ ᠬᠤᠯᠠ ᠶᠢᠨ ᠤᠬᠠᠭᠠᠨ ᠭᠠᠷᠴᠦ᠂ ᠵᠠᠮ ᠨᠡᠭᠡᠭᠡᠭᠳᠡᠳᠡᠭ ᠨᠢ ᠦᠨᠡᠨ ᠶᠤᠮ᠃ ᠮᠠᠯᠴᠢᠳ ᠮᠠᠨᠢ ᠴᠠᠭ ᠦᠶ᠎ᠡ ᠶᠢᠨ ᠬᠦᠭᠵᠢᠯᠳᠡ᠂ ᠮᠠᠯᠵᠢᠬᠤ ᠦᠢᠯᠡᠳᠪᠤᠷᠢᠯᠡᠯ ᠤᠨ ᠱᠠᠭᠠᠷᠳᠠᠯᠭ᠎ᠠ ᠶᠢ ᠳᠠᠭᠠᠭᠠᠳ ᠬᠤᠷᠰᠢᠵᠦ ᠬᠤᠯᠪᠤᠭᠠᠯᠠᠬᠤ ᠶᠢᠨ ᠳᠤᠬᠠᠢ ᠢᠯᠡᠬᠦᠦ ᠪᠤᠳᠤᠵᠦ᠂ ᠬᠡᠳᠦᠨ ᠠᠶᠢᠯ ᠢᠶᠠᠷ ᠢᠶᠠᠨ ᠬᠤᠯᠪᠤᠭᠠᠯᠠᠨ ᠬᠦᠳᠡᠯᠮᠦᠷᠢ ᠬᠦᠴᠦ ᠪᠤᠯᠤᠨ ᠴᠠᠭ ᠲᠤ ᠠᠷᠪᠢᠳᠠᠢ ᠦᠢᠯᠡᠳᠪᠤᠷᠢᠯᠡᠯ ᠡᠵᠡᠩᠨᠡᠯᠳᠡ ᠶᠢᠨ ᠰᠢᠨ᠎ᠡ ᠬᠡᠯᠪᠡᠷᠢ ᠪᠠᠷ ᠠᠵᠢᠯᠯᠠᠵᠠᠭᠠᠬᠤ ᠪᠤᠯᠵᠠᠢ᠃ ᠡᠨᠡ ᠨᠢ ᠵᠠᠬ᠎ᠠ ᠳᠡᠯᠭᠡᠬᠦᠷ ᠤᠨ ᠭᠡᠷᠡᠭᠴᠡᠭᠡ ᠱᠠᠭᠠᠷᠳᠠᠯᠭ᠎ᠠ ᠶᠢᠨ ᠳᠠᠭᠠᠤ ᠭᠠᠷᠴᠤ ᠪᠠᠶᠢᠬᠤ ᠨᠢᠭᠡᠨ ᠬᠠᠨᠳᠤᠰᠢ ᠪᠤᠯᠵᠦ᠂ ᠤᠯᠠᠨ ᠭᠠᠵᠠᠷ ᠤᠨ ᠮᠠᠯᠴᠢᠳ ᠬᠠᠮᠳᠤᠷᠠᠵᠦ ᠠᠵᠢᠯᠯᠠᠬᠤ᠂ ᠬᠤᠷᠰᠢᠵᠦ ᠡᠵᠡᠩᠨᠡᠬᠦ ᠪᠠᠷ ᠨᠡᠶᠢᠯᠡᠨ ᠨᠢᠭᠡᠳᠴᠦ ᠪᠠᠶᠢᠭ᠎ᠠ ᠶᠤᠮ᠃ ᠡᠨᠡ ᠨᠢ ᠮᠠᠯᠴᠢᠳ ᠤᠨ ᠴᠠᠭ ᠦᠶ᠎ᠡ ᠪᠠᠨ ᠳᠠᠭᠠᠭᠰᠠᠨ ᠦᠵᠡᠯ ᠤᠬᠠᠮᠰᠠᠷ ᠤᠨ ᠬᠤᠪᠢᠷᠠᠯᠳᠠ ᠪᠠᠶᠢᠵᠦ᠂ ᠤᠯᠠᠨ ᠬᠦᠮᠦᠨ ᠤ ᠤᠬᠠᠭᠠᠨ ᠢᠶᠠᠷ ᠶᠡᠭᠡ ᠶᠢ ᠪᠦᠳᠦᠭᠡᠬᠦ ᠤᠷᠤᠨ ᠵᠠᠢ ᠤᠯᠠᠮ ᠨᠡᠭᠡᠭᠡᠭᠳᠡᠵᠦ ᠦᠢᠯᠡᠳᠪᠤᠷᠢᠯᠡᠯ ᠡᠵᠡᠩᠨᠡᠯᠳᠡ ᠪᠤᠷᠤᠯᠠᠭᠤᠯᠭ᠎ᠠ ᠶᠢᠨ ᠠᠯᠢ ᠠᠯᠢ ᠭᠤᠭᠴᠤᠭ᠎ᠠ ᠨᠢ ᠴᠦ ᠢᠯᠭᠤᠮ ᠪᠤᠯᠵᠦ ᠢᠷᠠᠨ᠎ᠡ᠃     ᠬᠤᠷᠰᠢᠵᠦ ᠬᠤᠯᠪᠤᠭᠠᠯᠠᠭᠰᠠᠨ ᠤ ᠠᠴᠢ ᠪᠠᠷ ᠬᠦᠳᠡᠯᠮᠦᠷᠢ ᠬᠦᠴᠦ ᠬᠦᠷᠦᠯᠴᠡᠭᠡ ᠲᠠᠢ ᠪᠤᠯᠤᠨ᠎ᠠ᠃ ᠮᠠᠯ ᠪᠡᠯᠴᠢᠭᠡᠷ ᠢ ᠡᠷᠦᠭᠡ ᠳᠤ ᠬᠤᠪᠢᠶᠠᠷᠢᠯᠠᠭᠰᠠᠨ ᠠᠴᠠ ᠬᠤᠶᠢᠰᠢ ᠤᠯᠠᠩᠬᠢ ᠮᠠᠯᠴᠢᠨ ᠠᠶᠢᠯ ᠬᠤᠪᠢ ᠪᠠᠨ ᠰᠠᠬᠢᠵᠦ ᠳᠤᠪᠤ ᠪᠠᠨ ᠪᠤᠷᠤᠯᠠᠭᠤᠯᠵᠦ ᠢᠷᠡᠭᠰᠡᠨ᠃ ᠨᠢᠭᠡ ᠠᠶᠢᠯ ᠤᠨ ᠬᠦᠳᠡᠯᠮᠦᠷᠢ ᠬᠦᠴᠦ ᠶᠠᠷᠢᠶᠠᠨ ᠦᠭᠡᠢ ᠬᠢᠵᠠᠭᠠᠷ ᠲᠠᠢ᠃ ᠬᠦᠳᠡᠯᠮᠦᠷᠢ ᠬᠦᠴᠦ ᠬᠦᠷᠦᠯᠴᠡᠬᠦ ᠦᠭᠡᠢ ᠠᠴᠠ ᠪᠤᠯᠵᠦ ᠬᠦᠯᠦᠰᠦᠨ ᠠᠵᠢᠯᠴᠢᠨ ᠬᠦᠯᠦᠰᠦᠯᠡᠬᠦ ᠨᠢ ᠵᠠᠷᠢᠮ ᠮᠠᠯᠴᠢᠨ ᠠᠶᠢᠯ ᠤᠨ ᠤᠯᠠᠨ ᠵᠢᠯ ᠤᠨ ᠵᠤᠷᠰᠢᠯ ᠪᠤᠯᠤᠭᠰᠠᠨ ᠶᠤᠮ᠃ ᠬᠠᠷᠢᠨ ᠴᠠᠭ ᠦᠶ᠎ᠡ ᠶᠢᠨ ᠬᠦᠭᠵᠢᠯᠳᠡ ᠶᠢᠨ ᠱᠠᠭᠠᠷᠳᠠᠯᠭ᠎ᠠ ᠳᠠᠭᠠᠵᠦ ᠬᠡᠳᠦᠨ ᠡᠷᠦᠭᠡ ᠪᠠᠷ ᠢᠶᠠᠨ ᠬᠠᠮᠳᠤᠷᠠᠵᠦ ᠠᠵᠢᠯᠯᠠᠬᠤ ᠬᠠᠨᠳᠤᠰᠢ ᠭᠠᠷᠤᠭᠰᠠᠨ ᠢᠶᠠᠷ ᠬᠦᠳᠡᠯᠮᠦᠷᠢ ᠬᠦᠴᠦᠨ ᠤ ᠳᠤᠬᠠᠢ ᠰᠠᠨᠠᠭᠠᠰᠢᠷᠠᠬᠤ ᠴᠢᠬᠤᠯᠠ ᠦᠭᠡᠢ ᠪᠤᠯᠤᠨ᠎ᠠ᠃     ᠬᠤᠷᠰᠢᠵᠦ ᠬᠤᠯᠪᠤᠭᠠᠯᠠᠵᠦ ᠠᠵᠢᠯᠯᠠᠪᠠᠯ ᠴᠠᠭ ᠲᠤ ᠮᠠᠰᠢ ᠠᠷᠪᠢᠳᠠᠢ ᠪᠤᠯᠤᠨ᠎ᠠ᠃ ᠬᠡᠳᠦᠨ ᠬᠦᠮᠦᠨ ᠬᠠᠮᠳᠤᠷᠠᠵᠦ ᠠᠵᠢᠯᠯᠠᠭᠰᠠᠨ ᠢᠶᠠᠷ ᠠᠵᠢᠯ ᠬᠤᠷᠳᠤ ᠲᠠᠢ ᠶᠠᠪᠤᠭᠳᠠᠨ᠎ᠠ᠃ ᠬᠡᠨ ᠨᠢᠭᠡ ᠨᠢ ᠭᠠᠳᠠᠭᠰᠢ ᠳᠤᠳᠤᠭᠰᠢ ᠶᠠᠪᠤᠵᠦ ᠰᠠᠭᠤᠬᠤ ᠤᠴᠢᠷ ᠶᠠᠪᠤᠳᠠᠯ ᠲᠠᠢ ᠪᠤᠯᠤᠭᠰᠠᠨ ᠴᠦ ᠠᠵᠢᠯ ᠰᠠᠭᠠᠳᠠᠬᠤ ᠤᠴᠢᠷ ᠭᠠᠷᠬᠤ ᠦᠭᠡᠢ ᠪᠠᠶᠢᠬᠤ ᠪᠤᠯᠤᠨ᠎ᠠ᠃ ᠰᠡᠳᠬᠢᠯ ᠨᠢᠭᠡᠳᠦᠨ ᠬᠠᠮᠳᠤᠷᠠᠭᠰᠠᠨ ᠬᠦᠮᠦᠰ ᠠᠯᠢ ᠪᠤᠯᠬᠤ ᠪᠠᠷ ᠠᠵᠢᠯ ᠢᠶᠠᠨ ᠠᠮᠵᠢᠭᠤᠯᠬᠤ ᠶᠢ ᠪᠤᠳᠤᠵᠦ ᠨᠢᠭᠡᠨ ᠢᠶᠠᠨ ᠵᠤᠷᠢᠭᠵᠢᠭᠤᠯᠤᠨ ᠳᠠᠶᠢᠴᠢᠯᠠᠨ᠎ᠠ᠃     ᠬᠤᠷᠰᠢᠯ ᠬᠠᠮᠳᠤᠷᠠᠯ ᠤᠨ ᠬᠠᠮᠤᠭ ᠤᠨ ᠶᠡᠭᠡ ᠠᠰᠢᠭ ᠳᠤᠰᠠ ᠨᠢ ᠤᠯᠠᠨ ᠬᠦᠮᠦᠨ ᠤ ᠤᠬᠠᠭᠠᠨ ᠢᠶᠠᠷ ᠠᠵᠢᠯᠯᠠᠬᠤ ᠳᠤ ᠪᠠᠶᠢᠳᠠᠭ᠃ ᠨᠢᠭᠡ ᠬᠦᠮᠦᠨ ᠤ ᠤᠬᠠᠭᠠᠨ ᠢᠶᠠᠷ ᠶᠠᠭᠠᠬᠢᠵᠦ ᠪᠤᠳᠤᠭᠠᠳ ᠴᠦ ᠬᠤᠯᠠ ᠶᠠᠪᠤᠳᠠᠭ ᠦᠭᠡᠢ᠃ ᠤᠴᠢᠷ ᠶᠠᠪᠤᠳᠠᠯ ᠤᠨ ᠨᠢᠭᠡ ᠳᠠᠯ᠎ᠠ ᠶᠢ ᠨᠢ ᠪᠤᠳᠤᠵᠦ ᠠᠮᠵᠢᠭᠰᠠᠨ ᠪᠠᠶᠢᠯ᠎ᠠ ᠴᠦ ᠨᠦᠬᠦᠭᠡ ᠳᠠᠯ᠎ᠠ ᠶᠢ ᠨᠢ ᠤᠮᠳᠤᠭᠠᠢᠢᠯᠠᠭᠰᠠᠨ ᠤᠴᠢᠷ ᠵᠦᠡᠭᠳᠡᠭᠡᠨ ᠳᠤᠬᠢᠶᠠᠯᠳᠤᠳᠠᠭ᠃ ᠤᠯᠠᠭᠤᠯᠠ ᠪᠠᠨ ᠨᠢᠭᠡ ᠨᠢ ᠨᠢᠭᠡ ᠶᠢ ᠰᠡᠳᠦᠵᠦ᠂ ᠢᠯᠡᠬᠦᠦ ᠶᠡᠭᠡ ᠶᠢ ᠰᠦᠪᠡᠭᠴᠢᠯᠡᠵᠦ ᠪᠤᠳᠤᠭᠰᠠᠨ ᠢᠶᠠᠷ ᠨᠡᠩ ᠰᠠᠶᠢᠨ ᠦᠷ᠎ᠡ ᠳ᠋ᠦᠡᠭ ᠳᠤ ᠬᠦᠷᠬᠦ ᠪᠤᠯᠤᠮᠵᠢ ᠲᠠᠢ᠃ ᠤᠬᠠᠭᠠᠨ ᠠᠴᠠ ᠤᠬᠠᠭᠠᠨ ᠤᠷᠭᠤᠳᠠᠭ ᠤᠨ ᠵᠢᠮ᠎ᠡ ᠪᠠᠷ ᠨᠢᠭᠡᠨ ᠤ ᠪᠠᠨ ᠬᠡᠯᠡᠭᠰᠡᠨ ᠶᠠᠷᠢᠭᠰᠠᠨ ᠢ ᠴᠠᠭᠠᠰᠢ ᠳᠤᠩᠭᠠᠭᠠᠨ ᠪᠤᠳᠤᠪᠠᠯ ᠵᠦᠪ ᠪᠤᠷᠤᠭᠤ ᠪᠤᠶᠤ ᠦᠪᠡᠷ ᠲᠤ ᠨᠢ ᠳᠤᠬᠢᠷᠠᠬᠤ ᠡᠰᠡᠬᠦ ᠨᠢ ᠢᠯᠭᠠᠷᠠᠵᠦ ᠭᠠᠷᠳᠠᠭ᠃ ᠤᠯᠠᠭᠤᠯᠠ ᠵᠦᠪᠯᠡᠭᠰᠡᠨ ᠠᠴᠠ ᠤᠨᠳᠤᠤ ᠰᠠᠶᠢᠨ ᠠᠷᠭ᠎ᠠ ᠤᠬᠠᠭᠠᠨ ᠤᠯᠳᠠᠬᠤ ᠨᠢ ᠴᠦ ᠵᠦᠡᠭᠳᠡᠭᠡᠨ᠃ ᠦᠪᠡᠷ ᠤᠨ ᠦᠢᠯᠡᠳᠪᠤᠷᠢᠯᠡᠯ ᠡᠵᠡᠩᠨᠡᠯᠳᠡ ᠶᠢᠨ ᠪᠠᠶᠢᠳᠠᠯ ᠳᠤ ᠪᠠᠨ ᠳᠤᠬᠢᠷᠠᠭᠰᠠᠨ᠂ ᠵᠠᠬ᠎ᠠ ᠳᠡᠯᠭᠡᠬᠦᠷ ᠤᠨ ᠤᠳᠤᠬᠢ ᠪᠠᠶᠢᠳᠠᠯ ᠪᠤᠯᠤᠨ ᠬᠦᠭᠵᠢᠯᠳᠡ ᠶᠢᠨ ᠬᠠᠨᠳᠤᠰᠢ ᠲᠠᠢ ᠵᠤᠬᠢᠴᠠᠭᠰᠠᠨ ᠤᠬᠠᠭᠠᠨ ᠢᠶᠠᠷ ᠠᠵᠢᠯᠯᠠᠬᠤ ᠨᠢ ᠤᠷᠳᠤ ᠤᠳᠠᠭᠠᠨ ᠤ ᠶᠠᠪᠤᠬᠤ ᠵᠠᠮ ᠢᠶᠠᠨ ᠳᠤᠭᠳᠠᠭᠠᠬᠤ ᠤᠴᠢᠷ ᠶᠤᠮ᠃     ᠬᠤᠷᠰᠢᠵᠦ ᠬᠠᠮᠳᠤᠷᠠᠬᠤ ᠨᠢ ᠶᠠᠷᠢᠶᠠᠨ ᠦᠭᠡᠢ ᠤᠯᠠᠨ ᠳᠠᠯ᠎ᠠ ᠶᠢᠨ ᠠᠰᠢᠭ ᠲᠠᠢ᠃ ᠭᠡᠬᠦ ᠳᠤ ᠪᠠᠨ ᠬᠡᠨ ᠲᠠᠢ ᠶᠠᠭᠠᠬᠢᠵᠦ ᠬᠠᠮᠳᠤᠷᠠᠬᠤ ᠪᠤᠢ ᠭᠡᠳᠡᠭ ᠢᠶᠠᠨ ᠤᠷᠢᠳᠴᠢᠯᠠᠨ ᠵᠦᠪ ᠪᠤᠳᠤᠵᠦ ᠳᠤᠭᠳᠠᠭᠠᠭᠰᠠᠨ ᠪᠠᠶᠢᠬᠤ ᠬᠡᠷᠡᠭᠳᠡᠢ᠃ ᠬᠠᠮᠳᠤᠷᠠᠪᠠᠯ ᠳᠤᠬᠢᠷᠠᠬᠤ ᠡᠰᠡᠬᠦ᠂ ᠬᠠᠮᠳᠤᠷᠠᠭᠰᠠᠨ ᠤ ᠳᠠᠷᠠᠭ᠎ᠠ ᠠᠵᠢᠯ ᠬᠢᠳᠡᠯ ᠢᠶᠠᠨ ᠭᠡᠷᠬᠢᠨ ᠵᠤᠬᠢᠴᠠᠭᠤᠯᠬᠤ᠂ ᠦᠵᠡᠯ ᠪᠤᠳᠤᠯ ᠨᠢᠭᠡᠳᠴᠦ ᠴᠢᠳᠠᠬᠤ ᠡᠰᠡᠬᠦ ᠤᠯᠠᠨ ᠳᠠᠯ᠎ᠠ ᠶᠢ ᠪᠤᠳᠤᠯᠬᠢᠯᠠᠬᠤ ᠨᠢ ᠬᠠᠮᠳᠤᠷᠠᠬᠤ ᠶᠢᠨ ᠡᠮᠦᠨᠡᠬᠢ ᠪᠡᠯᠡᠳᠭᠡᠯ ᠶᠤᠮᠰᠠᠨ᠃ ᠦᠵᠡᠯ ᠪᠤᠳᠤᠯ ᠨᠢᠭᠡᠳᠡᠢ ᠳᠡᠭᠡᠷ᠎ᠡ ᠦᠢᠯᠡᠳᠪᠤᠷᠢᠯᠡᠯ ᠡᠵᠡᠩᠨᠡᠯᠳᠡ ᠪᠤᠷᠤᠯᠠᠭᠤᠯᠭ᠎ᠠ ᠶᠢᠨ ᠪᠦᠬᠦ ᠭᠤᠭᠴᠤᠭᠠᠨ ᠳᠤ ᠬᠠᠮᠳᠤᠷᠠᠵᠦ ᠳᠡᠶᠢᠯᠬᠦ ᠬᠦᠮᠦᠰ ᠰᠠᠶ᠋ᠢ ᠬᠡᠨ ᠠᠯᠢᠨ ᠳᠤ ᠪᠠᠨ ᠠᠰᠢᠭᠳᠠᠢ ᠦᠷ᠎ᠡ ᠳ᠋ᠦᠡᠭ ᠳᠤ ᠬᠦᠷᠴᠦ ᠴᠢᠳᠠᠬᠤ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号