ᠠᠶᠢᠮᠠᠭ ᠤᠨ ᠨᠠᠮ ᠤᠨ ᠬᠤᠷᠢᠶ᠎ᠠ  ᠵᠠᠬᠢᠷᠭ᠎ᠠ ᠪᠥᠬᠦ ᠠᠶᠢᠮᠠᠭ ᠤᠨ ︽ᠬᠤᠶᠠᠷ ᠪᠠᠶᠠᠷ︾᠎ ᠤᠨ ᠬᠤᠭᠤᠴᠠᠭᠠᠨ  ᠎ ᠳᠠᠬᠢ ᠭᠤᠤᠯᠳᠠᠯᠭ᠎ᠠ ᠎ ᠲᠠᠢ ᠠᠵᠢᠯ  ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/27
    9 ᠳ᠋ᠣᠭᠡᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠥᠬᠦ ᠠᠶᠢᠮᠠᠭ ᠤᠨ ︽ᠬᠤᠶᠠᠷ ᠪᠠᠶᠠᠷ︾᠎ ᠤᠨ ᠬᠤᠭᠤᠴᠠᠭᠠᠨ ᠳᠠᠬᠢ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠭᠤᠯᠵᠣ᠂  ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠬᠡᠯ ᠰᠠᠷᠠᠨ ᠤ ᠪᠠᠶᠡᠷ᠂ ᠤᠯᠤᠰ ᠤᠨ ᠪᠠᠶᠠᠷ ᠤᠨ ︽ᠬᠤᠶᠠᠷ ᠪᠠᠶᠠᠷ︾᠎ ᠤᠨ ᠬᠤᠭᠤᠴᠠᠭ᠎ᠠ ᠪᠠ ᠳᠥᠷᠪᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠥᠸᠧ ᠵᠣᠣ ᠯᠢᠶᠠᠩ ᠬᠤᠷᠠᠯ ᠡᠷᠭᠢᠯᠡᠪᠡ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠴᠡᠨᠪᠢᠯᠢᠭ ᠬᠤᠷᠠᠯ ᠳᠤ ᠣᠷᠣᠯᠴᠠᠵᠠᠶ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠶᠦᠩ ᠮᠢᠩ ︽ᠬᠤᠶᠠᠷ ᠪᠠᠶᠠᠷ︾᠎ ᠎ ᠤᠨ ᠬᠤᠭᠤᠴᠠᠭᠠᠨ  ᠳᠤ ᠲᠣᠭᠲᠠᠭᠤᠨ ᠪᠠᠶᠢᠳᠠᠯ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠳᠡᠳ᠋ ᠳᠠᠷᠤᠭ᠎ᠠ ᠡᠤ ᠴᠤᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃     ᠯᠦᠸᠧ ᠬᠤ᠋ ᠽᠠᠢ ᠵᠢᠭᠠᠬᠤ ᠳᠠᠭᠠᠨ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠬᠦᠨᠳᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠮᠦᠷᠳᠡᠭᠡᠨ ᠪᠠᠰᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠣᠷᠢᠵᠢᠭᠤᠯᠣᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠬᠡᠷᠡᠭᠲᠡᠢ᠃ ᠪᠦᠬᠦ ᠠᠶᠢᠮᠠᠭ ᠳᠠᠶᠠᠭᠠᠷ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠬᠦᠯᠦᠨ᠂ ᠨᠠᠮ ᠤᠨ ᠲᠥᠪ ᠬᠤᠷᠢᠶᠠᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠎ ᠪᠠᠨ ᠬᠢᠨᠠᠮᠠᠭᠠᠢ ᠬᠦᠢᠴᠡᠳᠭᠡᠵᠣ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ  ᠵᠦᠢᠯ ᠤᠨ ᠠᠵᠢᠯ ᠡᠭᠦᠷᠭᠡ ᠪᠠᠨ ᠦᠨᠳᠣᠷ ᠶᠠᠰᠤ ᠴᠢᠨᠠᠷ ᠎ ᠲᠠᠢ ᠪᠡᠶᠡᠯᠡᠬᠦᠯᠬᠦ ᠶᠢ ᠪᠠᠳᠣᠯᠠᠬᠤ ᠭᠡᠷᠡᠭᠲᠠᠢ ᠭᠡᠵᠠᠢ᠃     ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠵᠢᠷᠭᠤᠭ᠎ᠠ ᠶᠢ ᠲᠣᠭᠳᠠᠪᠣᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂  ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠪᠠᠷ ᠠᠵᠤ ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠠᠬᠢᠭᠤᠯᠬᠤ ᠶᠢ  ᠴᠢᠩᠭᠠᠳᠬᠠᠵᠣ ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ  ᠴᠢᠩᠭᠠᠷᠠᠭᠤᠯᠣᠨ᠂ ᠠᠵᠤ ᠠᠬᠤᠶᠢᠯᠠᠯ ᠢ ᠬᠠᠪᠰᠤᠷᠤᠨ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠣ᠂ ᠠᠵᠤ ᠠᠬᠤᠶ ᠶᠢᠨ ᠡᠷᠡᠭᠦᠯ ᠦᠢᠯᠡᠳᠦᠯᠴᠡᠯ᠂ ᠲᠣᠭᠲᠠᠭᠤᠨ  ᠪᠦᠭᠡᠳ ᠠᠯᠣᠰ ᠬᠡᠳᠣ ᠶᠢᠨ ᠵᠣᠷᠢᠯᠳᠠ ᠲᠠᠢ ᠪᠠᠶᠢᠬᠤ ᠶᠢ ᠠᠬᠢᠭᠤᠯᠬᠤ ᠬᠡᠷᠡᠭᠲᠠᠢ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ   ᠪᠡᠶᠡᠯᠡᠬᠦᠯᠵᠣ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤ ᠦᠶᠡᠴᠢ ᠴᠢᠨᠠᠷᠲᠠᠢ ᠬᠠᠷᠠᠯᠳᠠ ᠶᠢ  ᠪᠡᠶᠡᠯᠡᠭᠦᠯᠦᠨ᠂  ᠰᠢᠰᠲ᠋ᠧᠮᠳᠣ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠭᠤ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠦᠨᠳᠣᠷ ᠶᠠᠰᠣ ᠴᠢᠨᠠᠷ ᠎ ᠲᠠᠢ  ᠪᠡᠶᠡᠯᠡᠭᠦᠯᠬᠦ ᠶᠢ ᠪᠠᠳᠣᠯᠠᠬᠤ ᠬᠡᠷᠡᠭᠲᠠᠢ᠃  ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠭᠦᠨᠵᠡᠭᠡᠶ ᠪᠥᠭᠡᠳ ᠯᠠᠪᠳᠠᠭᠤᠨ ᠪᠠᠲᠤᠲᠠᠶ ᠰᠠᠶᠢᠲᠤᠷ ᠵᠣᠬᠢᠶᠠᠨ ᠪᠠᠶᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯ ᠵᠢᠭᠠᠬᠤ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠰᠤᠷᠭᠠᠨ ᠬᠦᠮᠦᠵᠢᠬᠦᠯᠬᠦ ᠶᠢ ᠣᠳᠣᠬᠠᠨ ᠪᠠ ᠠᠯᠣᠰ ᠬᠡᠳᠣ ᠶᠢᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠣ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠶ᠃ ᠲᠣᠭᠲᠠᠭᠤᠨ ᠪᠠᠶᠢᠳᠠᠯ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ︽ᠬᠤᠶᠠᠷ ᠪᠠᠶᠠᠷ︾᠎ ᠤᠨ ᠬᠤᠭᠤᠴᠠᠭᠠᠨ ᠳᠠᠬᠢ ᠲᠣᠭᠲᠠᠭᠤᠨ ᠪᠠᠶᠢᠳᠠᠯ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠠᠳᠬᠤᠵᠤ᠂ ᠪᠠᠶᠠᠷ ᠪᠠᠶᠠᠰᠬᠤᠯᠠᠩ  ᠡᠶ᠎ᠡ ᠨᠠᠶᠢᠷᠲᠠᠶ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠭᠡᠷᠡᠭᠲᠠᠢ᠃  ᠰᠢ ᠶᠢᠨ ᠫᠢᠩ ᠶᠡᠷᠦᠩᠬᠡᠶ ᠱᠦᠵᠢ ᠶᠢᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠣᠷᠢᠵᠢᠭᠤᠯᠵᠣ  ᠂ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠪᠢᠯᠠᠨ ᠭᠠᠮᠨᠠᠬᠤ ᠳᠠᠳᠬᠠᠯ ᠢ ᠬᠥᠮᠦᠵᠢᠭᠦᠯᠵᠦ ᠂ ᠨᠡᠶᠢᠭᠡᠮ ᠳᠠᠶᠠᠭᠠᠷ ᠲᠤ ᠪᠦᠷᠢᠯᠭᠡᠨ ᠰᠣᠶᠢᠳᠭᠡᠬᠦ ᠨᠢ ᠢᠴᠢᠬᠦᠷᠢᠲᠠᠢ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠭᠡᠬᠦ ᠣᠬᠢ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠠᠢ᠃     ᠾᠥᠸᠧ ᠵᠤᠤ ᠯᠢᠶᠠᠩ ᠬᠤᠷᠠᠯ ᠡᠷᠬᠢᠯᠡᠵᠣ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠠᠶᠣᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂  ᠨᠤᠲᠤᠭ ᠪᠡᠯᠴᠢᠭᠡᠷ ᠤᠨ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠣ᠂ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠢ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠭᠡᠶ ᠪᠠᠶᠢᠩᠭᠤᠵᠢᠭᠤᠯᠣᠨ ᠴᠢᠩᠭ᠎ᠠ ᠠᠳᠬᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠣᠰ ᠲᠡᠭᠦᠰᠭᠡᠯ ᠤᠨ ᠠᠵᠢᠯ ᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ  ᠪᠠᠳᠣᠯᠠᠬᠤ ᠬᠡᠷᠡᠭᠲᠡᠶ ᠭᠡᠪᠡ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠲᠤ ᠲᠣᠮᠢᠯᠠᠨ ᠰᠠᠭᠤᠯᠭ᠎ᠠ ᠠᠵᠢᠯ ᠤᠨ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠥᠬᠦᠶ  ᠣᠳᠣᠷᠢᠳᠣᠯᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号