ᠭᠥᠭᠵᠢᠨ ᠴᠡᠴᠡᠭᠯᠡᠭᠰᠡᠨ ᠦᠨᠳᠦᠰᠦᠳᠡᠨ ᠤ ᠰᠤᠷᠭᠠᠨ ᠬᠦᠮᠦᠵᠢᠯ
ᠨᠡᠶᠢᠲᠡᠯᠡᠭᠰᠡᠨ ᠴᠠᠭ᠄
2020/9/29
    ᠦᠢᠷ᠎ᠠ ᠶᠢᠨ ᠵᠢᠯ ᠠᠴᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠦᠨᠳᠤᠰᠤᠲᠡᠨ ᠤ ᠰᠤᠷᠭᠠᠨ ᠬᠦᠮᠦᠵᠢᠯ ᠤᠨ ᠠᠵᠢᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠦᠨᠳᠦᠰᠦᠲᠡᠨ ᠤ ᠰᠣᠷᠭᠠᠨ ᠬᠦᠮᠦᠵᠢᠯ ᠢ ᠡᠩ ᠲᠡᠷᠢᠬᠦᠨ ᠳᠤ ᠭᠤᠣᠯᠳᠠᠯᠭ᠎ᠠ ᠲᠠᠢ ᠬᠦᠭᠵᠢᠬᠦᠯᠬᠦ ᠶᠢ ᠪᠠᠷᠢᠮᠲᠠᠯᠠᠵᠦ᠂ ᠠᠷᠠᠳ ᠲᠦᠮᠡᠨ ᠳᠤ ᠬᠠᠨᠣᠮᠵᠢᠲᠠᠢ ᠰᠣᠷᠭᠠᠨ ᠬᠦᠮᠦᠵᠢᠯ ᠢ ᠡᠷᠬᠢᠯᠡᠬᠦ ᠪᠠᠷ ᠬᠠᠷᠠᠯᠲᠠ ᠪᠣᠯᠭᠠᠵᠦ᠂ ᠰᠣᠷᠭᠠᠨ ᠬᠦᠮᠦᠵᠢᠯ ᠤᠨ ᠶᠠᠰᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠪᠠᠷ ᠭᠤᠣᠯ ᠰᠢᠵᠢᠮ ᠪᠣᠯᠭᠠᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠦᠴᠤᠳᠠᠢ ᠠᠳᠬᠤᠬᠰᠠᠨ ᠢᠶᠠᠷ ᠦᠨᠳᠦᠰᠦᠲᠡᠨ ᠤ ᠰᠣᠷᠭᠠᠨ ᠬᠦᠮᠦᠵᠢᠯ ᠳᠤ ᠰᠣᠷᠭᠠᠭᠤᠯᠢ ᠡᠷᠬᠢᠯᠡᠬᠦ ᠨᠦᠬᠦᠴᠡᠯ ᠦᠷᠭᠦᠯᠵᠢᠯᠡᠨ ᠰᠠᠶᠢᠵᠢᠷᠠᠬᠰᠠᠨ᠂ ᠪᠠᠭᠰᠢ ᠶᠢᠨ ᠡᠩᠨᠡᠭᠡᠨ ᠤ ᠪᠠᠶᠢᠭᠤᠯᠣᠯᠲᠠ ᠲᠠᠰᠣᠷᠠᠯᠲᠠ ᠦᠭᠡᠢ ᠴᠢᠩᠭᠠᠷᠠᠬᠰᠠᠨ᠂ ᠰᠣᠷᠭᠠᠨ ᠬᠦᠮᠦᠵᠢᠯ ᠤᠨ ᠶᠠᠰᠦ ᠴᠢᠨᠠᠷ ᠲᠡᠭᠡᠭᠰᠢᠯᠡᠭᠰᠡᠨ ᠵᠡᠷᠭᠡ ᠰᠠᠶᠢᠨ ᠰᠠᠶᠢᠬᠠᠨ ᠲᠦᠷᠰᠦ ᠪᠠᠶᠢᠳᠠᠯ ᠢᠯᠡᠷᠡᠭᠰᠡᠨ ᠪᠠᠶᠢᠨ᠎ᠠ᠃     ᠮᠠᠨ ᠤ ᠠᠶᠢᠮᠠᠭ ᠦᠨᠳᠤᠰᠤᠲᠡᠨ ᠤ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠲᠠᠩᠴᠠᠬᠦᠷᠢᠲᠡᠢ ᠬᠦᠭᠵᠢᠬᠦᠯᠬᠦ ᠠᠵᠢᠯ ᠢ ᠪᠦᠬᠦ ᠠᠶᠢᠮᠠᠭ ᠤᠨ ᠦᠨᠳᠤᠰᠤᠨ ᠰᠤᠷᠭᠠᠨ ᠬᠦᠮᠦᠵᠢᠯ ᠤᠨ ᠴᠢᠬᠤᠯᠠ ᠪᠠᠶᠢᠷᠢᠨ ᠳᠤ ᠲᠠᠯᠪᠢᠵᠤ ᠂ ᠡᠯ᠎ᠡ ᠱᠠᠳᠤᠨ ᠤ ᠵᠠᠰᠠᠭ ᠤᠨ ᠤᠷᠳᠤᠨ ᠲᠠᠰᠤᠷᠠᠯᠳᠠ ᠦᠭᠡᠢ ᠪᠡᠯᠡ ᠤᠷᠤᠭᠤᠯᠤᠯᠳᠠ ᠪᠠᠨ ᠨᠡᠮᠡᠭᠳᠡᠬᠦᠯᠵᠥ᠂ ᠬᠤᠳᠠ ᠬᠦᠳᠡᠭᠡ ᠪᠤᠯᠤᠨ ᠰᠤᠷᠭᠠᠭᠤᠯᠢ ᠶᠢᠨ ᠬᠤᠭᠤᠷᠤᠨᠳᠤᠬᠢ ᠰᠤᠷᠭᠠᠭᠤᠯᠢ ᠡᠷᠬᠢᠯᠡᠬᠦ ᠨᠦᠬᠦᠴᠡᠯ᠂ ᠪᠠᠭᠰᠢ ᠶᠢᠨ ᠡᠩᠨᠡᠭᠡᠨ ᠤ ᠲᠦᠪᠰᠢᠨ᠂ ᠰᠤᠷᠭᠠᠭᠤᠯᠢ ᠡᠷᠬᠢᠯᠡᠬᠦ ᠶᠠᠰᠤ ᠴᠢᠨᠠᠷ ᠵᠡᠷᠭᠡ ᠲᠠᠯ᠎ᠠ ᠶᠢᠨ ᠵᠦᠷᠢᠶ᠎ᠠ ᠶᠢ ᠪᠠᠭᠠᠰᠬᠠᠵᠠᠢ᠃ ᠡᠬᠦᠨ ᠤ ᠬᠠᠮᠳᠤ ᠂ ᠦᠨᠳᠤᠰᠤᠳᠠᠨ ᠤ ᠰᠤᠷᠭᠠᠭᠤᠯᠢ ᠶᠢᠨ ᠪᠠᠷᠢᠮᠵᠢᠶᠠᠵᠢᠭᠰᠠᠨ ᠪᠠ ᠨᠠᠷᠢᠯᠢᠭᠵᠢᠭᠤᠯᠤᠭᠰᠠᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ 2017 ᠤᠨ ᠳᠤ ᠮᠠᠨ ᠤ ᠠᠶᠢᠮᠠᠭ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠠᠩᠴᠠᠬᠦᠷᠢᠳᠠᠢ ᠪᠠᠶᠢᠬᠤ ᠬᠠᠷᠠᠯᠳᠠ ᠳᠤ ᠬᠦᠷᠴᠤ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠠᠩᠴᠡᠬᠦᠷᠢᠲᠡᠢ ᠬᠦᠭᠵᠢᠯᠲᠡ ᠶᠢᠨ ᠠᠵᠢᠯ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠪᠠ᠃     2016 ᠣᠨ ᠠᠴᠠ ᠨᠠᠭᠠᠰᠢ᠂ ᠠᠶᠢᠮᠠᠭ ᠤᠨ ᠱᠠᠲᠣᠨ ᠠᠴᠠ ᠦᠨᠳᠦᠰᠦᠲᠡᠨ ᠤ ᠰᠤᠷᠭᠠᠨ ᠬᠥᠮᠥᠵᠢᠯ ᠤᠨ ᠲᠤᠰᠬᠠᠢ ᠪᠡᠯᠡ ᠮᠥᠩᠭᠦ ᠪᠠ ᠦᠨᠳᠦᠰᠦᠲᠡᠨ ᠤ ᠣᠨᠴᠠᠯᠢᠭᠲᠤ ᠰᠣᠳᠣᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 1400 ᠲᠦᠮᠡᠨ ᠲᠥᠭᠦᠷᠢᠭ ᠲᠣᠬᠢᠷᠠᠭᠤᠯᠪᠠ᠃ ᠦᠨᠳᠦᠰᠦᠲᠡᠨ ᠤ ᠰᠤᠷᠭᠠᠨ ᠬᠥᠮᠥᠵᠢᠯ ᠤᠨ ᠬᠤᠪᠢ ᠶᠢᠨ ᠵᠢᠩ ᠨᠡᠯᠢᠶᠡᠳ ᠶᠡᠭᠡ ᠬᠤᠰᠢᠭᠤ ᠬᠤᠲᠠ ᠨᠢ 100 ᠲᠦᠮᠡᠨ ᠲᠥᠭᠦᠷᠢᠭ ᠠᠴᠠ ᠳᠡᠭᠡᠭᠰᠢᠬᠢ ᠦᠨᠳᠦᠰᠦᠲᠡᠨ ᠤ ᠰᠤᠷᠭᠠᠨ ᠬᠥᠮᠥᠵᠢᠯ ᠤᠨ ᠲᠤᠰᠬᠠᠢ ᠪᠡᠯᠡ ᠮᠥᠩᠭᠦ ᠲᠣᠬᠢᠷᠠᠭᠤᠯᠵᠦ᠂ ᠦᠨᠳᠦᠰᠦᠲᠡᠨ ᠤ ᠰᠣᠷᠭᠠᠭᠤᠯᠢ ᠶᠢᠨ ᠰᠣᠷᠣᠬᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠣᠳᠠᠯ ᠤᠨ ᠨᠦᠬᠦᠪᠦᠷᠢ ᠶᠢᠨ ᠪᠠᠷᠢᠮᠵᠢᠶ᠎ᠠ ᠶᠢ 50%᠎ ᠪᠠᠷ ᠳᠡᠭᠡᠭᠰᠢᠯᠡᠭᠦᠯᠪᠡ︔ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠬᠦᠷᠲᠡᠯ᠎ᠡ ᠪᠦᠬᠦᠨ ᠢ ᠬᠠᠮᠣᠷᠣᠬᠰᠠᠨ ᠰᠤᠷᠤᠯᠭ᠎ᠠ ᠶᠢᠨ ᠳᠡᠳᠬᠦᠮᠵᠢ ᠶᠢᠨ ᠰᠢᠰᠲ᠋ᠧᠮ ᠢ ᠪᠠᠶᠢᠭᠤᠯᠪᠠ︔ ᠮᠣᠩᠭᠤᠯ ᠢᠶᠠᠷ ᠬᠢᠴᠢᠶᠡᠯᠯᠡᠬᠦ 15 ᠵᠢᠯ ᠤᠨ ᠠᠯᠪᠠᠨ ᠠᠴᠠ ᠡᠷᠬᠢᠯᠡᠭᠰᠡᠨ ᠰᠤᠷᠭᠠᠨ ᠬᠥᠮᠥᠵᠢᠯ ᠳᠤ ᠰᠦᠢᠳᠬᠡᠯ ᠬᠤᠷᠢᠶᠠᠬᠤ ᠦᠭᠡᠢ ᠪᠠᠶᠢᠬᠤ ᠶᠢ ᠪᠦᠬᠦ ᠲᠠᠯ᠎ᠠ ᠪᠠᠷ ᠪᠡᠶᠡᠯᠡᠭᠦᠯᠪᠡ︔ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠳᠤ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾᠎ ᠶᠢ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠳᠤ ︽ᠭᠤᠷᠪᠠ ᠶᠢ ᠬᠡᠯᠲᠦᠷᠢᠭᠦᠯᠵᠦ ᠭᠤᠷᠪᠠ ᠶᠢ ᠨᠥᠬᠦᠪᠦᠷᠢᠯᠡᠬᠦ︾᠎ ᠶᠢ ᠪᠡᠶᠡᠯᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠥᠵᠢᠯ ᠳᠤ ︽ᠭᠤᠷᠪᠠ ᠶᠢ ᠬᠡᠯᠲᠦᠷᠢᠭᠦᠯᠵᠦ ᠭᠤᠷᠪᠠ ᠶᠢ ᠲᠡᠳᠬᠦᠵᠦ ᠨᠢᠭᠡ ᠶᠢ ᠨᠥᠬᠦᠪᠦᠷᠢᠯᠡᠬᠦ︾᠎ ᠶᠢ ᠪᠡᠶᠡᠯᠡᠭᠦᠯᠪᠡ︔ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠣᠯᠣᠨ ᠲᠤᠰᠬᠠᠢ ᠮᠡᠷᠭᠡᠵᠢᠯ ᠤᠨ ᠠᠩᠭᠢ ᠳᠤ ᠤᠷᠤᠬᠰᠠᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠪᠣᠯᠣᠨ ᠲᠠᠩᠰᠠᠯᠠᠵᠦ ᠺᠠᠷᠳ᠋ᠯᠠᠬᠰᠠᠨ ᠠᠮᠢᠳᠤᠷᠠᠯ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠵᠢᠴᠢ ᠥᠨᠥᠴᠢᠨ ᠬᠡᠦᠬᠡᠳ ᠲᠤ ᠵᠢᠯ ᠪᠦᠷᠢ 1 ᠲᠦᠮᠡᠨ ᠲᠥᠭᠦᠷᠢᠭ ᠤᠨ ᠬᠠᠷᠠᠭᠠᠯᠵᠠᠯ ᠬᠦᠷᠲᠡᠭᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠪᠠ᠃ 2016 ᠣᠨ ᠠᠴᠠ ᠨᠠᠭᠠᠰᠢ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠤᠯᠭ᠎ᠠ ᠶᠢᠨ ᠳᠡᠳᠭᠦᠮᠵᠢ ᠶᠢᠨ ᠪᠡᠯᠡ ᠮᠥᠩᠭᠦ ᠶᠢ ᠨᠡᠶᠢᠲᠡ 7.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ ᠰᠤᠷᠭᠠᠭᠤᠯᠢ ᠶᠢᠨ ᠵᠠᠬᠢᠷᠦᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠲᠤᠪᠤᠶᠢᠮ᠎ᠠ ᠠᠳᠬᠤᠵᠤ᠂ ᠲᠤᠮᠳᠠᠳᠦ ᠪᠠᠭ᠎ᠠ ᠰᠤᠷᠭᠠᠭᠤᠯᠢ ᠶᠢᠨ ᠵᠠᠬᠢᠷᠦᠯ ᠢ ᠢᠯᠡ ᠪᠠᠷ ᠰᠤᠩᠭᠤᠨ ᠤᠷᠢᠵᠦ ᠭᠡᠷᠡᠭᠯᠡᠬᠦ ᠲᠦᠷᠢᠮ ᠢ ᠭᠡᠷᠡᠭᠵᠢᠬᠦᠯᠵᠤ᠂ ᠨᠢᠭᠡ ᠪᠦᠯᠦᠭ ᠰᠢᠯᠢᠳᠡᠭ ᠠᠵᠢᠯ ᠤᠨ ᠴᠢᠳᠠᠪᠤᠷᠢ ᠲᠠᠢ ᠬᠦᠮᠦᠰ ᠢ ᠦᠨᠳᠤᠰᠤᠲᠡᠨ ᠤ ᠰᠤᠷᠭᠠᠭᠤᠯᠢ ᠶᠢᠨ ᠵᠠᠬᠢᠷᠦᠯ ᠤᠨ ᠪᠠᠶᠢᠷᠢ ᠳᠤ ᠲᠤᠬᠢᠷᠠᠭᠤᠯᠵᠤ᠂ ᠤᠯᠠᠨ ᠵᠦᠢᠯ ᠤᠨ ᠠᠷᠭ᠎ᠠ ᠪᠠᠷ ᠰᠢᠯᠢᠳᠡᠭ ᠴᠢᠳᠠᠪᠤᠷᠢᠲᠡᠨ ᠢ ᠦᠨᠳᠤᠰᠤᠲᠡᠨ ᠤ ᠪᠠᠭᠰᠢ ᠶᠢᠨ ᠡᠩᠨᠡᠭᠡᠨ ᠳᠤ ᠤᠷᠤᠭᠤᠯᠪᠠ︔ ︽ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ︾᠎ ᠶᠢᠨ ᠲᠦᠷᠦᠯ ᠵᠦᠢᠯ ᠪᠠ ᠲᠡᠷᠢᠬᠦᠨ ᠤ ᠭᠠᠵᠠᠷ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠦᠢᠴᠡᠳ ᠠᠰᠢᠭᠯᠠᠵᠤ᠂ ᠪᠦᠬᠦ ᠠᠶᠢᠮᠠᠭ ᠤᠨ ᠦᠨᠳᠤᠰᠤᠲᠡᠨ ᠤ ᠰᠤᠷᠭᠠᠭᠤᠯᠢ ᠶᠢᠨ ᠵᠠᠬᠢᠷᠦᠯ ᠪᠠ ᠪᠠᠭᠰᠢ ᠶᠢᠨ ᠶᠡᠷᠦᠩᠭᠡᠶᠢᠯᠡᠭᠰᠡᠨ ᠴᠢᠳᠠᠪᠤᠷᠢ ᠶᠢ ᠬᠦᠮᠦᠵᠢᠬᠦᠯᠵᠠᠢ︔ ᠮᠤᠩᠭᠤᠯ ᠤᠯᠤᠰ ᠲᠠᠢ ᠰᠤᠷᠭᠠᠨ ᠬᠦᠮᠦᠵᠢᠯ ᠤᠨ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠪᠦᠬᠦ ᠠᠶᠢᠮᠠᠭ ᠤᠨ 45 ᠦᠨᠳᠤᠰᠤᠲᠡᠨ ᠤ ᠰᠤᠷᠭᠠᠭᠤᠯᠢ ︵ᠭᠡᠤᠭᠡᠳ ᠤᠨ ᠴᠡᠴᠡᠷᠯᠢᠭ︶ ᠮᠤᠩᠭᠤᠯ ᠤᠯᠤᠰ ᠤᠨ 47 ᠰᠤᠷᠭᠠᠭᠤᠯᠢ ︵ᠭᠡᠤᠭᠡᠳ ᠤᠨ ᠴᠡᠴᠡᠷᠯᠢᠭ︶᠎ ᠲᠠᠢ ᠨᠦᠬᠦᠷᠰᠡᠭ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠵᠠᠢ᠃     ᠦᠨᠳᠤᠰᠤᠲᠡᠨ ᠤ ᠰᠤᠷᠭᠠᠨ ᠬᠦᠮᠦᠵᠢᠯ ᠤᠨ ᠰᠤᠳᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ 2019 ᠣᠨ ᠤ ᠡᠴᠦᠰ ᠪᠣᠯᠲᠠᠯ᠎ᠠ᠂ ᠮᠠᠨ ᠤ ᠠᠶᠢᠮᠠᠭ ᠦᠨᠳᠦᠰᠦᠲᠡᠨ ᠤ ᠰᠤᠷᠭᠠᠨ ᠬᠥᠮᠥᠵᠢᠯ ᠤᠨ ᠰᠣᠳᠣᠨ ᠰᠤᠷᠭᠠᠭᠤᠯᠢ 30᠎ ᠶᠢ ᠪᠠᠶᠢᠭᠤᠯᠵᠤ᠂ ᠦᠨᠳᠦᠰᠦᠲᠡᠨ ᠤ ᠰᠤᠷᠭᠠᠭᠤᠯᠢ ᠶᠢᠨ ᠪᠦᠬᠦ ᠲᠣᠭᠠᠨ ᠤ 85.7%᠎ ᠶᠢ ᠡᠵᠡᠯᠡᠵᠤ ᠪᠠᠶᠢᠨ᠎ᠠ︔ ᠦᠨᠳᠦᠰᠦᠲᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠥᠮᠥᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠰᠤᠷᠭᠠᠭᠤᠯᠢ ᠳᠤ ᠪᠥᠬᠡ᠂ ᠰᠤᠷ ᠬᠠᠷᠪᠤᠬᠤ ᠵᠡᠷᠭᠡ ᠬᠢᠴᠢᠶᠡᠯ ᠨᠡᠭᠡᠭᠡᠵᠦ ᠂ ᠮᠣᠷᠢᠨ ᠬᠤᠭᠤᠷ᠂ ᠬᠤᠪᠢᠰ᠂ ᠮᠣᠩᠭᠤᠯ ᠤᠷᠲᠤ ᠶᠢᠨ ᠳᠠᠭᠤᠤ᠂ ᠮᠣᠩᠭᠤᠯ ᠰᠢᠲᠠᠷ᠎ᠠ ᠵᠡᠷᠭᠡ ᠳᠤᠷ᠎ᠠ ᠰᠣᠨᠢᠷᠬᠠᠯ ᠤᠨ ᠪᠠᠭ᠎ᠠ ᠳᠤᠭᠤᠶᠢᠯᠠᠩ ᠪᠠᠶᠢᠭᠤᠯᠵᠦ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ᠂ ᠤᠯᠠᠮᠵᠢᠯᠠᠯᠲᠤ ᠵᠠᠩ ᠦᠢᠯᠡ ᠶᠢᠨ ᠮᠡᠳᠡᠯᠭᠡ ᠶᠢᠨ ᠤᠷᠤᠯᠳᠤᠭᠠᠨ ᠪᠠ ᠤᠳᠬ᠎ᠠ ᠤᠷᠠᠯᠢᠭ ᠤᠨ ᠠᠵᠢᠯᠯᠠᠭ᠎ᠠ ᠶᠢ ᠦᠷᠨᠢᠭᠦᠯᠵᠤ᠂ 2017 ᠣᠨ ᠳᠤ᠂ ᠰᠤᠷᠭᠠᠨ ᠬᠥᠮᠥᠵᠢᠯ ᠤᠨ ᠶᠠᠮᠤᠨ ᠠᠴᠠ ᠰᠢᠯᠢ ᠶᠢᠨ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠰᠢᠯᠢᠳᠡᠭ ᠰᠣᠶᠣᠯ ᠤᠷᠠᠯᠢᠭ ᠤᠨ ᠤᠯᠠᠮᠵᠢᠯᠠᠯ ᠤᠨ ᠰᠤᠷᠭᠠᠭᠤᠯᠢ ᠪᠠᠷ ᠦᠨᠡᠯᠡᠨ ᠳᠤᠬᠳᠠᠭᠠᠪᠠ︔ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠶᠡᠬᠡᠪᠡᠷ ᠬᠥᠭᠵᠢᠭᠦᠯᠵᠦ᠂ ᠣᠶᠢᠷ᠎ᠠ ᠶᠢᠨ ᠭᠤᠷᠪᠠᠨ ᠵᠢᠯ ᠳᠤ 1200 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠦ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠪᠣᠯᠣᠨ ᠬᠢᠴᠢᠶᠡᠯ ᠲᠦᠷᠦᠯ ᠤᠨ ᠪᠠᠶᠢᠭᠤᠯᠤᠯᠲᠠ ᠳᠤ ᠬᠡᠷᠡᠭᠯᠡᠵᠦ᠂ ᠲᠤᠰ ᠳᠡᠭᠡᠳᠦ ᠰᠤᠷᠭᠠᠭᠤᠯᠢ ᠶᠢ ᠥᠪᠡᠷᠲᠡᠭᠡᠨ ᠵᠠᠰᠠᠬᠤ ᠤᠷᠤᠨ ᠤ ᠲᠦᠷᠦᠭᠦᠦ ᠪᠦᠯᠦᠭ ᠤᠨ ᠵᠢᠱᠢᠶ᠎ᠡ ᠦᠵᠡᠭᠦᠯᠬᠦ ᠴᠢᠨᠠᠷᠲᠠᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠨ ᠡᠭᠦᠳᠦᠨ ᠪᠠᠶᠢᠭᠤᠯᠵᠤ᠂ 2016 ᠣᠨ ᠳᠤ ᠳᠠᠭᠤᠤ ᠬᠥᠭᠵᠢᠮ ᠤᠨ ᠰᠤᠷᠭᠠᠨ ᠬᠥᠮᠥᠵᠢᠯ ᠤᠨ ᠲᠤᠰᠬᠠᠢ ᠮᠡᠷᠭᠡᠵᠢᠯ ᠨᠢ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠤᠰᠬᠠᠢ ᠮᠡᠷᠭᠡᠵᠢᠯ ᠤᠨ ᠴᠡᠭ᠂ ᠰᠣᠪᠢᠯᠠᠯᠲᠠ ᠶᠢᠨ ᠲᠤᠰᠬᠠᠢ ᠮᠡᠷᠭᠡᠵᠢᠯ ᠨᠢ ᠲᠦᠷᠦᠭᠦᠦ ᠪᠦᠯᠦᠭ ᠤᠨ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠣᠵᠢᠯ ᠤᠨ ᠦᠢᠯᠡᠴᠢᠯᠡᠭᠡᠨ ᠤ ᠲᠥᠷᠥᠯ ᠤᠨ ᠵᠢᠱᠢᠶ᠎ᠡ ᠦᠵᠡᠭᠦᠯᠬᠦ ᠲᠤᠰᠬᠠᠢ ᠮᠡᠷᠭᠡᠵᠢᠯ ᠤᠨ ᠴᠡᠭ ᠤᠨ ᠡᠩᠨᠡᠭᠡᠨ ᠳᠤ ᠤᠷᠤᠵᠤ᠂ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠨᠣᠷᠮ᠎ᠠ ᠴᠥᠮ 95%᠎ ᠠᠴᠠ ᠳᠡᠭᠡᠭᠰᠢ ᠳᠤ ᠬᠦᠷᠪᠡ᠃     ᠮᠠᠨ ᠤ ᠠᠶᠢᠮᠠᠭ ᠰᠣᠷᠭᠠᠭᠤᠯᠢ ᠡᠷᠬᠢᠯᠡᠬᠦ ᠨᠦᠬᠦᠴᠡᠯ ᠢ ᠬᠦᠴᠦᠯᠡᠨ ᠰᠠᠶᠢᠵᠢᠷᠠᠭᠤᠯᠵᠦ᠂ 4 ᠵᠢᠯ ᠳᠤ ᠨᠡᠶᠢᠲᠡ 8.7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠦᠨᠳᠦᠰᠦᠲᠡᠨ ᠤ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠦ᠂ ᠪᠦᠬᠦ ᠠᠶᠢᠮᠠᠭ ᠤᠨ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠶᠡᠷᠦᠩᠬᠡᠢ ᠪᠡᠯᠡ ᠣᠷᠣᠭᠤᠯᠣᠯᠲᠠ ᠶᠢᠨ 39.5%᠎ ᠶᠢ ᠡᠵᠡᠯᠡᠵᠦ᠂ ᠪᠦᠬᠦ ᠠᠶᠢᠮᠠᠭ ᠤᠨ 36 ᠦᠨᠳᠦᠰᠦᠲᠡᠨ ᠤ ᠳᠣᠮᠳᠠᠳᠦ ᠪᠠᠭ᠎ᠠ ᠰᠣᠷᠭᠠᠭᠤᠯᠢ ᠪᠦᠬᠦᠨ ᠢᠶᠠᠷ ᠢᠶᠠᠨ ᠪᠠᠷᠢᠮᠵᠢᠶᠠᠵᠢᠬᠰᠠᠨ ᠰᠣᠷᠭᠠᠭᠤᠯᠢ ᠶᠢᠨ ᠬᠢᠷᠢ ᠲᠦᠪᠰᠢᠨ ᠳᠤ ᠬᠦᠷᠴᠦ᠂ 6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠲᠠᠢ ᠰᠢᠯᠢ ᠶᠢᠨ ᠭᠤᠣᠯ ᠠᠶᠢᠮᠠᠭ ᠤᠨ ᠮᠣᠩᠭᠤᠯ ᠳᠣᠮᠳᠠᠳᠦ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠡᠬᠢᠯᠡᠬᠦᠯᠪᠡ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号