ᠰᠢᠯᠢ ᠶᠢᠨ ᠭᠤᠤᠯ ᠠᠶᠢᠮᠠᠭ 1—8  ᠳ᠋ᠤᠭᠠᠷ ᠰᠠᠷ᠎ᠠ ᠳᠤ ᠪᠦᠬᠦ ᠤᠷᠤᠨ ᠤ  ᠠᠭᠠᠷ ᠮᠠᠨᠲᠠᠯ ᠤᠨ ᠴᠢᠨᠠᠷ  ᠴᠢᠨᠰᠠᠭᠠᠨ ᠤ ᠵᠢᠬᠰᠠᠭᠠᠯᠲᠠ ᠳᠤ ᠲᠡᠷᠢᠬᠦᠯᠡᠪᠡ
ᠨᠡᠶᠢᠲᠡᠯᠡᠭᠰᠡᠨ ᠴᠠᠭ᠄
2020/9/29
    ᠦᠪᠦᠷ  ᠮᠤᠩᠭᠤᠯ ᠤᠨ  ᠦᠪᠡᠷᠲᠡᠭᠡᠨ ᠵᠠᠰᠠᠬᠤ ᠤᠷᠤᠨ ᠤ  ᠠᠮᠢ ᠠᠬᠤᠢ ᠤᠷᠴᠢᠨ ᠲᠤᠭᠤᠷᠢᠨ ᠤ  ᠬᠠᠮᠠᠭᠠᠯᠠᠯᠲᠠ ᠶᠢᠨ  ᠲᠢᠩᠬᠢᠮ ᠤᠨ  ᠪᠦᠷᠢᠳᠭᠡᠯ ᠲᠤᠭ᠎ᠠ ᠪᠠᠷᠢᠮᠲᠠ ᠳᠤ ᠬᠠᠷᠠᠭᠤᠯᠤᠬᠰᠠᠨ ᠢᠶᠠᠷ᠂ 1—8  ᠳ᠋ᠤᠭᠠᠷ ᠰᠠᠷ᠎ᠠ ᠶᠢᠨ ᠦᠪᠣᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ 12  ᠠᠶᠢᠮᠠᠭ ᠬᠤᠲᠠ ᠶᠢᠨ ᠠᠭᠠᠷ  ᠮᠠᠨᠲᠠᠯ  ᠤᠨ  ᠴᠢᠨᠠᠷ ᠴᠢᠨᠰᠠᠭᠠᠨ ᠤ ᠵᠢᠬᠰᠠᠭᠠᠯᠲᠠ ᠳᠤ ᠰᠢᠯᠢ ᠶᠢᠨ ᠭᠤᠤᠯ ᠠᠶᠢᠮᠠᠭ ᠲᠡᠷᠢᠭᠦᠨ ᠳᠤ ᠵᠢᠭᠰᠠᠭᠠᠭᠳᠠᠵᠠᠢ᠃     ᠴᠡᠯᠮᠡᠭ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠤᠯᠬᠤ ᠶᠢᠨ  ᠲᠣᠰᠠᠳᠠ᠂ ᠰᠢᠯᠢ ᠶᠢᠨ ᠭᠤᠤᠯ ᠠᠶᠢᠮᠠᠭ ᠨᠢ ︽ᠰᠢᠯᠢ ᠶᠢᠨ ᠭᠤᠤᠯ ᠠᠶᠢᠮᠠᠭ ᠤᠨ ᠴᠡᠯᠮᠡᠭ ᠣᠭᠲᠠᠷᠭᠤᠶ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠬᠡᠷᠡᠭᠵᠢᠬᠦᠯᠬᠦ ᠲᠦᠰᠦᠪ  ︾᠂ ︽ᠰᠢᠯᠢ ᠶᠢᠨ ᠭᠤᠤᠯ ᠠᠶᠢᠮᠠᠭ ᠤᠨ ᠠᠭᠠᠷ ᠮᠠᠨᠲᠠᠯ ᠤᠨ ᠪᠤᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠲᠠᠶᠢᠯᠠᠯᠳᠤᠭᠠᠨ  ᠤ 2020 ᠤᠨ ᠤ ᠠᠵᠢᠯ ᠤᠨ ᠲᠦᠰᠦᠪ︾ ᠶᠤᠰᠤᠭᠠᠷ᠂ ︽ᠲᠦᠷᠪᠡᠨ  ᠶᠡᠭᠡ︾ ᠪᠦᠲᠦᠴᠡ ᠶᠢᠨ ᠲᠤᠬᠢᠷᠠᠭᠤᠯᠤᠯᠲᠠ᠂  ︽ᠵᠢᠷᠭᠤᠭᠠᠨ ᠶᠡᠭᠡ︾ ᠶᠡᠷᠦᠩᠬᠡᠶᠢᠯᠡᠨ ᠵᠠᠰᠠᠬᠤ ᠲᠤᠰᠬᠠᠢ ᠵᠠᠰᠠᠯᠲᠠ ᠶᠢ ᠭᠤᠤᠯᠲᠠᠯᠭ᠎ᠠ ᠪᠤᠯᠭᠠᠨ ᠦᠷᠨᠢᠬᠦᠯᠪᠡ᠃     ᠠᠵᠦ ᠦᠢᠯᠡᠰ ᠤᠨ ᠪᠦᠲᠦᠴᠡ ᠶᠢ ᠰᠢᠯᠢᠲᠡᠭᠵᠢᠬᠦᠯᠵᠤ᠂  ᠠᠵᠦ ᠦᠢᠯᠡᠰ ᠤᠨ  ᠪᠤᠬᠢᠷᠲᠤᠯ ᠦᠭᠡᠢ ᠬᠦᠭᠵᠢᠬᠦᠯᠦᠯᠲᠡ ᠶᠢᠨ ᠲᠠᠯ᠎ᠠ ᠪᠠᠷ᠂  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠲᠡᠭᠵᠢᠬᠦᠯᠦᠨ᠂ ᠠᠮᠢ ᠠᠬᠤᠶ ᠶᠢᠨ ᠣᠷᠴᠢᠨ ᠨᠥᠬᠦᠴᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂  ︽ᠭᠤᠷᠪᠠ ᠶᠢ ᠬᠤᠯᠪᠣᠬᠤ︾ ᠲᠣᠭᠲᠠᠴᠠ ᠶᠢ ᠪᠠᠶᠢᠭᠤᠯᠤᠨ᠂ ︽ᠬᠤᠶᠠᠷ ᠦᠨᠲᠦᠷ ᠪᠠᠶᠢᠬᠤ︾ ᠠᠵᠢᠯ ᠲᠦᠷᠦᠯ ᠤᠨ ᠦᠢᠯᠡᠳᠪᠦᠷᠢᠯᠡᠬᠦ ᠴᠢᠲᠠᠮᠵᠢ ᠶᠢ ᠴᠢᠩᠭ᠎ᠠ ᠡᠵᠡᠮᠲᠡᠨ᠂  ᠤᠷᠴᠢᠨ ᠲᠤᠭᠤᠷᠢᠨ   ᠢ  ᠬᠠᠮᠠᠭᠠᠯᠠᠬᠤ ᠪᠤᠬᠢᠷᠲᠤᠯ  ᠦᠭᠡᠢ  ᠠᠵᠤ ᠦᠢᠯᠡᠰ ᠢ  ᠶᠡᠬᠡᠪᠡᠷ ᠪᠤᠶᠢᠵᠢᠭᠤᠯᠵᠠᠢ᠃   ᠡᠨᠧᠷᠭᠢ ᠶᠢᠨ  ᠪᠦᠲᠦᠴᠡ   ᠳᠤ ᠲᠤᠬᠢᠷᠠᠭᠤᠯᠤᠯᠲᠠ ᠬᠢᠵᠤ᠂  ᠦᠨᠲᠦᠷ ᠦᠷ᠎ᠡ ᠪᠦᠲᠦᠮᠵᠢᠲᠤ ᠡᠨᠧᠷᠬᠢ ᠶᠢᠨ  ᠰᠢᠰᠲ᠋ᠧᠮ ᠢ  ᠪᠦᠲᠦᠭᠡᠨ ᠪᠠᠶᠢᠭᠤᠯᠬᠤ ᠲᠠᠯ᠎ᠠ ᠪᠠᠷ᠂  ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠣᠯᠤᠨ  ︽ᠬᠤᠶᠠᠷ ᠢ ᠡᠵᠡᠮᠲᠡᠬᠦ︾ ᠬᠦᠴᠦᠯᠡᠴᠡ ᠪᠠᠨ ᠴᠢᠩᠭᠠᠷᠠᠭᠤᠯᠤᠨ᠂ ᠡᠪᠦᠯ ᠤᠨ ᠤᠯᠠᠷᠢᠯ ᠤᠨ  ᠲᠤᠯᠠᠭᠠᠯᠭ᠎ᠠ ᠳᠤ ᠬᠡᠷᠡᠭᠯᠡᠬᠦ ᠡᠨᠧᠷᠬᠢ ᠶᠢ ᠴᠡᠪᠡᠷᠵᠢᠬᠦᠯᠵᠤ᠂  ᠴᠡᠪᠡᠷ ᠡᠨᠧᠷᠬᠢ ᠪᠡ ᠰᠢᠨ᠎ᠡ ᠡᠨᠧᠷᠬᠢ ᠶᠢ ᠬᠦᠭᠵᠢᠬᠦᠯᠦᠨ᠂ ᠪᠤᠬᠢᠷᠲᠤᠯ ᠦᠭᠡᠢ ᠪᠠᠷᠢᠯᠭ᠎ᠠ ᠶᠢᠨ  ᠬᠡᠪᠴᠢᠶᠡᠵᠢᠭᠰᠡᠨ ᠮᠠᠲ᠋ᠧᠷᠢᠶᠠᠯ ᠢ  ᠲᠡᠯᠭᠡᠷᠡᠬᠦᠯᠪᠡ᠃  ᠵᠠᠮ ᠨᠡᠪᠲᠡᠷᠡᠯᠭᠡ ᠠᠴᠢᠶ᠎ᠠ ᠵᠦᠭᠡᠭᠡᠪᠦᠷᠢ ᠶᠢᠨ  ᠪᠦᠲᠦᠴᠡ ᠶᠢ ᠰᠢᠯᠢᠲᠡᠭᠵᠢᠬᠦᠯᠬᠦ᠂ ᠪᠤᠬᠢᠷᠲᠤᠯ ᠦᠭᠡᠢ ᠵᠠᠮ ᠨᠡᠪᠲᠡᠷᠡᠯᠭᠡ ᠶᠢᠨ ᠰᠢᠰᠲ᠋ᠧᠮ ᠤᠨ  ᠲᠠᠯ᠎ᠠ ᠪᠠᠷ᠂ ᠵᠠᠰᠠᠮᠠᠯ ᠵᠠᠮ ᠤᠨ ᠠᠴᠢᠶ᠎ᠠ ᠲᠡᠭᠡᠭᠡᠪᠦᠷᠢ ᠬᠢᠭᠡᠳ  ᠲᠡᠮᠦᠷ ᠵᠠᠮ᠂  ᠠᠭᠠᠷ ᠤᠨ  ᠵᠦᠭᠡᠭᠡᠪᠦᠷᠢ ᠯᠦᠭᠡ ᠶᠢ ᠰᠠᠨᠠᠭᠠᠴᠢᠯᠠᠭ᠎ᠠ ᠠᠴᠠ ᠪᠠᠨ ᠵᠤᠯᠭᠠᠯᠴᠠᠭᠤᠯᠵᠤ᠂ ᠵᠠᠰᠠᠮᠠᠯ ᠵᠠᠮ ᠤᠨ  ᠠᠴᠢᠶ᠎ᠠ  ᠵᠦᠭᠡᠭᠡᠪᠦᠷᠢ   ᠶᠢᠨ ᠲᠤᠤᠷ  ᠰᠦᠯᠵᠢᠶ᠎ᠡ ᠶᠢ  ᠰᠢᠯᠢᠲᠡᠭᠵᠢᠬᠦᠯᠦᠨ᠂  ᠤᠯᠠᠨ ᠨᠡᠶᠢᠲᠡ ᠶᠢᠨ  ᠠᠴᠢᠶ᠎ᠠ ᠵᠦᠭᠡᠭᠡᠪᠦᠷᠢ ᠶᠢ ᠶᠡᠬᠡᠪᠡᠷ ᠬᠦᠭᠵᠢᠬᠦᠯᠵᠤ᠂  ᠰᠢᠨ᠎ᠡ ᠡᠨᠧᠷᠬᠢ ᠶᠢᠨ ᠮᠠᠰᠢᠨ ᠲᠡᠷᠭᠡ  ᠶᠢ  ᠬᠡᠷᠡᠭᠯᠡᠬᠦ ᠶᠢ ᠲᠦᠭᠡᠮᠡᠯᠵᠢᠬᠦᠯᠪᠡ᠃ ᠭᠠᠵᠠᠷ ᠬᠡᠷᠡᠭᠯᠡᠬᠦ ᠪᠦᠲᠦᠴᠡ ᠶᠢ ᠰᠢᠯᠢᠲᠡᠭᠵᠢᠬᠦᠯᠦᠨ ᠲᠤᠬᠢᠷᠠᠭᠤᠯᠬᠤ᠂   ᠪᠣᠬᠢᠷᠳᠣᠯ ᠢ ᠡᠬᠢ ᠡᠬᠦᠰᠦᠯ   ᠠᠴᠠ ᠨᠢ ᠵᠠᠰᠠᠬᠤ ᠲᠠᠯ᠎ᠠ ᠪᠠᠷ᠂  ᠵᠠᠲᠠᠭᠠᠢ ᠨᠡᠬᠦᠷᠡᠰᠦᠨ ᠠᠭᠤᠷᠬᠠᠢ ᠶᠢᠨ ᠲᠤᠭᠤᠷᠢᠭ ᠵᠢᠴᠢ ᠲᠣᠭᠤᠰᠣ ᠳᠡᠭᠳᠡᠬᠦ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ  ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠤᠨ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠲᠠᠷᠢᠶᠠᠯᠠᠩ ᠤᠨ ᠪᠤᠬᠢᠷᠲᠤᠯ  ᠢ ᠡᠬᠢ ᠡᠬᠦᠰᠦᠯ ᠠᠴᠠ ᠨᠢ  ᠵᠠᠰᠠᠬᠤ  ᠡᠷᠴᠢᠮ ᠬᠦᠴᠦ ᠪᠠᠨ ᠴᠢᠩᠭᠠᠳᠬᠠᠬᠰᠠᠨ ᠪᠠᠶᠢᠨ᠎ᠠ᠃        ︽ᠡᠷᠤᠢ ᠬᠤᠷᠤᠢ ᠦᠭᠡᠢ ᠡᠮᠬᠢ ᠵᠠᠮᠪᠠᠷᠠᠭ᠎ᠠ ᠦᠭᠡᠢ ᠪᠠᠶᠢᠭᠤᠯᠤᠬᠰᠠᠨ ᠪᠤᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠨ ᠴᠡᠭᠴᠡᠯᠡᠬᠦ ᠲᠤᠮᠲᠠ᠂ 2019  ᠤᠨ ᠳᠤ ᠪᠦᠬᠦ ᠠᠶᠢᠮᠠᠭ ᠲᠤ《 ᠡᠷᠤᠢ ᠬᠤᠷᠤᠢ ᠦᠭᠡᠢ ᠡᠮᠬᠢ ᠵᠠᠮᠪᠠᠷᠠᠭ᠎ᠠ ᠦᠭᠡᠢ ᠪᠠᠶᠢᠭᠤᠯᠤᠬᠰᠠᠨ ᠪᠤᠬᠢᠷᠲᠤᠯ ᠲᠠᠢ》127  ᠠᠵᠤ ᠠᠬᠤᠶᠢᠯᠠᠯ ᠢ  ᠪᠠᠶᠢᠴᠠᠭᠠᠨ ᠭᠠᠷᠭᠠᠵᠤ᠂  ᠡᠨᠡ ᠵᠢᠯ ᠤᠨ 11  ᠰᠠᠷ᠎ᠠ ᠶᠢᠨ  ᠰᠡᠭᠦᠯᠴᠢ ᠪᠤᠯᠲᠠᠯ᠎ᠠ  ᠪᠦᠬᠦᠨ ᠢ ᠵᠠᠰᠠᠵᠤ ᠴᠡᠭᠴᠡᠯᠡᠵᠦ ᠲᠠᠭᠤᠰᠬᠠᠬᠤ   ᠪᠠᠷ ᠪᠠᠶᠢᠨ᠎ᠠ᠃ ᠠᠵᠤ ᠦᠢᠯᠡᠳᠪᠦᠷᠢ ᠳᠤ ᠬᠡᠷᠡᠭᠯᠡᠬᠦ ᠵᠤᠤᠬ᠎ᠠ ᠶᠢ ᠶᠡᠷᠦᠩᠬᠡᠶᠢᠯᠡᠨ ᠵᠠᠰᠠᠬᠤ ᠳᠤᠮᠳᠠ᠂ ︽ᠨᠢᠭᠡ ᠪᠦᠯᠦᠭ ᠢ ᠰᠢᠭᠰᠢᠭᠳᠡᠭᠦᠯᠬᠦ᠂ ᠨᠢᠭᠡ ᠪᠦᠯᠦᠭ ᠢ ᠣᠷᠣᠯᠠᠭᠤᠯᠬᠤ᠂ ᠨᠢᠭᠡ ᠪᠦᠯᠦᠭ ᠢ ᠵᠠᠰᠠᠬᠤ︾ ᠵᠠᠷᠴᠢᠮ ᠢᠶᠠᠷ᠂ ᠠᠵᠤ ᠦᠢᠯᠡᠳᠪᠦᠷᠢ ᠳᠤ ᠬᠡᠷᠡᠭᠯᠡᠬᠦ ᠵᠤᠤᠬ᠎ᠠ ᠶᠢ ᠵᠠᠰᠠᠬᠤ᠂  ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠠᠷᠢᠮᠵᠢᠶ᠎ᠠ ᠳᠤ ᠬᠦᠷᠭᠡᠬᠦ ᠠᠵᠢᠯ ᠢ ᠦᠷᠬᠦᠯᠵᠢᠯᠡᠨ  ᠠᠬᠢᠭᠤᠯᠬᠤ ᠪᠠᠷ ᠪᠠᠶᠢᠨ᠎ᠠ︔  ᠭᠤᠤᠯᠲᠠᠯᠭ᠎ᠠ ᠲᠠᠢ ᠠᠵᠢᠯ ᠲᠦᠷᠦᠯ ᠤᠨ ᠬᠢᠨ ᠤ ᠰᠠᠨᠠᠭ᠎ᠠ ᠲᠠᠪᠠ ᠪᠠᠷ ᠢᠶᠠᠨ ᠪᠤᠬᠢᠷᠲᠤᠯ  ᠭᠠᠲᠠᠭᠰᠢᠯᠠᠭᠤᠯᠵᠤ ᠪᠠᠶᠢᠬᠤ ᠠᠰᠠᠭᠤᠲᠠᠯ ᠢ  ᠵᠠᠰᠠᠬᠤ ᠲᠠᠯ᠎ᠠ ᠪᠠᠷ᠂ ᠢᠯᠴᠢ ᠶᠢᠨ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ᠂ ᠢᠯᠴᠢ ᠶᠢᠨ ᠦᠢᠯᠡᠳᠪᠦᠷᠢᠯᠡᠯ ᠵᠢᠴᠢ ᠬᠠᠩᠭᠠᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠪᠣᠯᠤᠨ ᠨᠡᠭᠦᠷᠡᠰᠦ ᠰᠢᠲᠠᠭᠠᠬᠤ ᠭᠦᠸᠧᠯᠦ ᠶᠢᠨ ᠲᠤᠷ᠎ᠠ ᠲᠠᠪᠠ ᠪᠠᠷ ᠢᠶᠠᠨ ᠪᠤᠬᠢᠷᠲᠤᠯ ᠭᠠᠳᠠᠭᠰᠢᠯᠠᠭᠤᠯᠬᠤ ᠵᠢᠴᠢ ᠪᠣᠳᠠᠰ ᠣᠪᠣᠭᠠᠯᠠᠬᠤ ᠲᠠᠯᠠᠪᠠᠢ ᠶᠢᠨ ᠲᠣᠭᠤᠰᠣ ᠰᠢᠷᠤᠢ ᠳᠡᠭᠳᠡᠬᠦ  ᠪᠤᠬᠢᠷᠲᠤᠯ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ  ᠂  ᠪᠦᠬᠦ ᠠᠶᠢᠮᠠᠭ ᠲᠤ 84  ᠡᠷᠦᠬᠡ ᠠᠵᠤ ᠠᠬᠤᠶᠢᠯᠠᠯ ᠳᠤ ᠲᠤᠷ᠎ᠠ ᠲᠠᠪᠠ ᠪᠠᠷ ᠢᠶᠠᠨ ᠪᠤᠬᠢᠷᠲᠤᠯ  ᠭᠠᠳᠠᠭᠰᠢᠯᠠᠭᠤᠯᠵᠤ ᠪᠠᠶᠢᠬᠤ ᠶᠢ ᠬᠠᠮᠢᠶᠠᠷᠬᠤ ᠡᠬᠡ ᠳᠠᠩᠰᠠ ᠪᠠᠶᠢᠭᠤᠯᠪᠠ᠃  VOCs ᠶᠡᠷᠦᠩᠬᠡᠶᠢᠯᠡᠨ ᠵᠠᠰᠠᠬᠤ ᠶᠠᠪᠤᠴᠠ ᠳᠤ᠂ ᠡᠨᠡ ᠵᠢᠯ ᠤᠨ 6ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠢᠶᠠᠲᠤ ᠣᠷᠣᠨ ᠤ ᠳᠣᠲᠣᠷᠠᠬᠢ VOCs ᠭᠠᠳᠠᠭᠰᠢᠯᠠᠭᠤᠯᠬᠤ ᠠᠵᠤ ᠠᠬᠤᠶᠢᠯᠠᠯ ᠢ ᠪᠠᠶᠢᠴᠠᠭᠠᠬᠤ ᠵᠢᠴᠢ ᠬᠠᠮᠢᠶᠠᠷᠣᠨ ᠡᠵᠡᠮᠳᠡᠬᠦ ᠡᠬᠡ ᠲᠠᠩᠰᠠ ᠪᠠᠶᠢᠭᠤᠯᠬᠤ ᠡᠭᠦᠷᠭᠡ ᠶᠢ ᠨᠢᠭᠡᠨᠲᠡ ᠪᠡᠶᠡᠯᠡᠭᠦᠯᠵᠦ᠂  ᠪᠦᠬᠦ ᠠᠶᠢᠮᠠᠭ ᠤᠨ  ᠲᠡᠭᠲᠡᠮᠡᠬᠡᠢ ᠴᠢᠨᠠᠷ ᠲᠠᠢ  ᠤᠷᠭᠠᠨᠢᠭ ᠪᠤᠲᠠᠰ ᠢ  ᠭᠤᠤᠯᠲᠠᠯᠭ᠎ᠠ ᠲᠠᠢ  ᠵᠠᠰᠠᠬᠤ ᠠᠵᠤ  ᠠᠬᠤᠶᠢᠯᠠᠯ   ᠨᠤᠭᠤᠳ ᠲᠤ ᠭᠤᠭᠤᠵᠢᠬᠤ ᠶᠢ ᠰᠢᠯᠭᠠᠨ ᠬᠡᠮᠵᠢᠬᠦ  ᠪᠠ ᠵᠠᠰᠠᠵᠤ ᠰᠡᠯᠪᠢᠬᠦ  ᠮᠡᠷᠭᠡᠵᠢᠯ(LADR) ᠤᠨ ᠠᠵᠢᠯ ᠢ  ᠦᠷᠨᠢᠬᠦᠯᠵᠦ᠂ ᠦᠪᠡᠷᠲᠡᠭᠡᠨ ᠵᠠᠰᠠᠬᠤ ᠤᠷᠤᠨ ᠠᠴᠠ ᠱᠠᠭᠠᠷᠲᠠᠬᠰᠠᠨ ᠵᠠᠰᠠᠬᠤ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠭᠰᠡᠨ  ᠪᠠᠶᠢᠨ᠎ᠠ᠃  ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠶᠡᠷᠦᠩᠬᠡᠶᠢᠯᠡᠨ ᠵᠠᠰᠠᠬᠤ ᠳᠤᠮᠳᠠ᠂  ᠡᠨᠡ ᠵᠢᠯ ᠬᠤᠰᠢᠭᠤ ᠰᠢᠶᠠᠨ ᠬᠤᠲᠠ ︵ᠣᠷᠣᠨ︶  ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠮᠵᠢ ᠪᠦᠬᠦᠢ ᠲᠤᠭᠤᠷᠢᠭ ᠲᠤ ᠨᠡᠶᠢᠲᠡ ᠴᠠᠭ ᠪᠦᠷᠢ 10  ᠲᠤᠨ ᠪᠣᠶᠣ  ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ 31ᠭᠦᠸᠧᠯᠦ  ᠶᠢ ᠰᠢᠭᠰᠢᠭᠳᠡᠭᠦᠯᠬᠦ ᠪᠠᠷ ᠲᠥᠯᠥᠪᠯᠡᠵᠦ ᠪᠣᠶ᠃  ᠴᠠᠶᠢᠶ᠋ᠢᠦ ᠲᠣᠰᠣᠨ ᠤ ᠪᠠᠷᠠᠭᠠᠨ ᠤ  ᠲᠡᠷᠭᠡ ᠶᠢᠨ  ᠪᠤᠬᠢᠷᠲᠤᠯ ᠢ  ᠵᠠᠰᠠᠬᠤ ᠲᠠᠯ᠎ᠠ ᠪᠠᠷ᠂  ᠴᠠᠶᠢᠶ᠋ᠢᠦ ᠲᠤᠰᠤ ᠰᠢᠲᠠᠭᠠᠲᠠᠭ  ᠪᠠᠷᠠᠭᠠᠨ   ᠤ ᠮᠠᠰᠢᠨ ᠲᠡᠷᠭᠡ  ᠶᠢᠨ  ᠪᠤᠬᠢᠷᠲᠤᠯ ᠢ  ᠵᠠᠰᠠᠬᠤ  ᠠᠵᠢᠯᠯᠠᠭ᠎ᠠ ᠶᠢᠨ  ᠲᠦᠰᠦᠪ ᠶᠢ  ᠴᠢᠩᠭ᠎ᠠ ᠵᠢᠷᠤᠮᠯᠠᠨ᠂  ᠭᠠᠳᠠᠭᠰᠢᠯᠠᠭᠤᠯᠤᠯᠲᠠ ᠶᠡᠬᠡᠲᠡᠶ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ I/M ᠲᠦᠷᠢᠮ ᠤᠨ ᠬᠡᠷᠡᠭᠵᠢᠭᠦᠯᠦᠯᠲᠡ ᠶᠢ ᠠᠬᠢᠭᠤᠯᠵᠤ᠂  ᠵᠠᠮ ᠬᠠᠷᠢᠯᠴᠠᠭᠠᠨ ᠤ ᠪᠤᠰᠤ ᠮᠠᠰᠢᠨ ᠲᠤᠨᠤᠬᠯᠠᠯ ᠤᠨ  ᠪᠤᠬᠢᠷᠲᠤᠯ ᠢ  ᠵᠠᠰᠠᠬᠤ ᠠᠵᠢᠯ ᠢ  ᠦᠷᠬᠦᠯᠵᠢᠯᠡᠨ ᠠᠬᠢᠭᠤᠯᠬᠤ ᠪᠠᠷ ᠪᠠᠶᠢᠨ᠎ᠠ᠃              http://mongol.people.com.cn/15825671.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号