ᠥᠪᠥᠷ ᠮᠣᠩᠭᠤᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠥᠪᠥᠷ ᠮᠣᠩᠭᠤᠯ ᠤᠨ ᠣᠨᠴᠠᠯᠢᠭᠲᠣ ᠲᠥᠷᠥᠯ ᠲᠡᠮᠳᠡᠭ ᠢ ᠴᠤᠭᠴᠠᠯᠠᠬᠤ ᠪᠠᠷ ᠬᠦᠴᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2020/9/3
    ᠦᠪᠡᠷᠲᠡᠭᠡᠨ  ᠵᠠᠰᠠᠬᠤ ᠤᠷᠤᠨ ᠤ ᠰᠤᠶᠤᠯ ᠪᠠ  ᠵᠢᠭᠤᠯᠴᠢᠯᠠᠯ ᠤᠨ  ᠲᠢᠩᠬᠢᠮ ᠠᠴᠠ ᠤᠢᠢᠯᠠᠭᠠᠭᠰᠠᠨ ᠢᠶᠠᠷ᠂ 2020 ᠤᠨ ᠳᠤ ᠮᠠᠨ ᠤ ᠣᠷᠣᠨ  ᠰᠣᠶᠣᠯ  ᠵᠢᠭᠤᠯᠴᠢᠯᠠᠯ ᠢ  ᠠᠭᠤᠰᠤᠯᠴᠠᠭᠤᠯᠤᠨ  ᠬᠥᠭᠵᠢᠬᠦᠯᠬᠦ ᠶᠢ ᠬᠦᠴᠦᠯᠡᠨ ᠴᠢᠩᠭᠠᠳᠬᠠᠵᠤ᠂ ᠥᠪᠥᠷ ᠮᠣᠩᠭᠤᠯ ᠤᠨ ᠣᠨᠴᠠᠯᠢᠭ ᠲᠠᠢ ᠰᠢᠷᠢᠰ  ᠨᠠᠷᠠᠲᠤ  ᠲᠥᠷᠥᠯ  ᠲᠡᠮᠲᠡᠭ ᠢ  ᠴᠤᠭᠴᠠᠯᠠᠬᠤ ᠪᠠᠷ ᠬᠦᠴᠤᠯᠠᠵᠤ ᠪᠠᠶᠢᠨ᠎ᠠ᠃       ᠡᠨᠡ ᠵᠢᠯ᠂ ᠮᠠᠨ ᠤ ᠣᠷᠣᠨ ᠤᠷᠠᠯᠢᠭ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠬᠦᠴᠦᠯᠡᠨ  ᠴᠢᠩᠭᠠᠳᠬᠠᠵᠤ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠥᠪᠥᠷ ᠮᠣᠩᠭᠤᠯ ᠤᠨ ᠳᠠᠭᠤᠤ  ᠬᠥᠭᠵᠢᠮ︾᠂ ︽ᠥᠪᠥᠷ ᠮᠣᠩᠭᠤᠯ ᠤᠨ ᠪᠥᠵᠢᠭ︾ ᠤᠨ ᠨᠠᠷᠠᠲᠤ ᠲᠦᠷᠦᠯ ᠲᠡᠮᠲᠡᠭ ᠢ ᠢᠳᠡᠪᠬᠢᠲᠡᠢ ᠴᠤᠭᠴᠠᠯᠠᠬᠤ ᠪᠠᠷ ᠬᠦᠴᠤᠯᠠᠵᠤ ᠪᠠᠶᠢᠨ᠎ᠠ︔ ᠣᠯᠠᠨ ᠨᠡᠶᠢᠲᠡ ᠵᠢᠨ‌ᠦᠢᠯᠡᠴᠢᠯᠡᠭᠡ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠣᠷᠯᠣᠩ ᠪᠠ  ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ  ᠤᠨ ᠪᠠᠶᠢᠭᠤᠯᠤᠯᠲᠠ  ᠶᠢ ᠴᠢᠩᠭᠠᠳᠬᠠᠵᠤ᠂ ᠲᠣᠭᠠᠴᠢᠯᠠᠭᠰᠠᠨ ᠨᠣᠮ ᠤᠨ ᠰᠠᠩ᠂ ᠲᠣᠭᠠᠴᠢᠯᠠᠭᠰᠠᠨ ᠰᠣᠶᠣᠯ ᠤᠨ ᠣᠷᠳᠣᠨ ᠪᠠ  ᠮᠣᠩᠭᠤᠯ ᠬᠡᠯᠡᠨ ᠤ ᠲᠤᠯᠭᠤᠷ ᠪᠢᠴᠢᠭ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ  ᠠᠬᠢᠭᠤᠯᠤᠨ᠎ᠠ︔ ᠲᠡᠦᠬᠡ ᠶᠢᠨ ᠳᠤᠷᠠᠰᠬᠠᠯᠲᠤ  ᠵᠦᠢᠯᠡᠰ ᠢ  ᠬᠠᠮᠠᠭᠠᠯᠠᠨ  ᠠᠰᠢᠬᠯᠠᠬᠤ ᠶᠢ  ᠴᠢᠩᠭᠠᠳᠬᠠᠵᠤ᠂  ᠨᠢᠭᠡ  ᠪᠦᠯᠦᠭ  ᠪᠣᠳᠠᠰ ᠤᠨ  ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠪᠲᠡᠷᠡᠭᠦᠯᠦᠨ ᠂ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ᠂ ᠬᠤᠳᠠᠯᠳᠤᠭᠠᠨ ᠤ  ᠲᠠᠯᠠᠪᠤᠷ ᠲᠤ  ᠬᠦᠷᠭᠡᠨ᠎ᠡ︔  ᠰᠣᠶᠣᠯ  ᠵᠢᠭᠤᠯᠴᠢᠯᠠᠯ ᠤᠨ  ᠠᠵᠤ  ᠦᠢᠯᠡᠰ ᠤᠨ ᠬᠥᠭᠵᠢᠯᠲᠡ ᠶᠢ ᠴᠢᠩᠭᠠᠳᠬᠠᠵᠤ᠂  ᠥᠪᠥᠷ  ᠮᠣᠩᠭᠤᠯ ᠤᠨ  ᠰᠣᠶᠣᠯ  ᠵᠢᠭᠤᠯᠴᠢᠯᠠᠯ ᠤᠨ  ᠪᠦᠯᠦᠭᠯᠡᠯ ᠢ  ᠲᠥᠯᠥᠪᠯᠡᠨ  ᠵᠣᠬᠢᠶᠠᠨ ᠪᠠᠶᠢᠭᠤᠯᠵᠤ᠂  ᠥᠪᠡᠷᠲᠡᠭᠡᠨ  ᠵᠠᠰᠠᠬᠤ  ᠣᠷᠣᠨ ᠤ  ᠵᠢᠭᠤᠯᠴᠢᠯᠠᠯ ᠤᠨ  ᠬᠥᠭᠵᠢᠯᠲᠡ ᠶᠢᠨ  ᠰᠠᠭᠤᠷᠢ  ᠮᠥᠩᠭᠦ  ᠪᠠᠶᠢᠭᠤᠯᠬᠤ ᠶᠢ ᠠᠬᠢᠭᠤᠯᠤᠨ᠂ ᠰᠣᠶᠣᠯ ᠤᠨ ᠪᠦᠲᠦᠭᠡᠯᠴᠢ ᠪᠦᠲᠦᠭᠡᠭᠳᠡᠭᠦᠨ ᠪᠠ ᠵᠢᠭᠤᠯᠴᠢᠯᠠᠯ ᠤᠨ ᠲᠠᠸᠠᠷ ᠢ ᠦᠵᠡᠮᠵᠢ ᠶᠢᠨ  ᠣᠷᠣᠨ ᠳᠤ ᠣᠷᠣᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ︔ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠴᠢᠩᠭᠠᠳᠬᠠᠵᠤ᠂  ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ  ᠡᠭᠦᠳᠦᠨ  ᠪᠠᠶᠢᠭᠤᠯᠬᠤ ᠶᠢ  ᠦᠷᠭᠦᠯᠵᠢᠯᠡᠨ ᠥᠷᠨᠢᠭᠦᠯᠦᠨ᠎ᠡ︔ ᠵᠠᠬ᠎ᠠ ᠳᠡᠯᠭᠡᠭᠦᠷ ᠢ ᠬᠦᠭᠵᠢᠭᠦᠯᠦᠨ  ᠬᠢᠨᠠᠯᠲᠠ  ᠬᠠᠮᠢᠶᠠᠷᠤᠯᠲᠠ ᠪᠠᠨ  ᠴᠢᠩᠭᠠᠳᠬᠠᠵᠤ᠂ ᠦᠢᠯᠡᠴᠢᠯᠡᠭᠡᠨ ᠤ  ᠬᠢᠷᠢ  ᠲᠦᠪᠰᠢᠨ ᠢ ᠳᠡᠭᠡᠭᠰᠢᠯᠡᠭᠦᠯᠦᠨ᠎ᠡ︔  ᠭᠠᠳᠠᠭᠠᠳᠤ ᠯᠤᠭ᠎ᠠ ᠶᠢᠨ  ᠰᠣᠯᠢᠯᠴᠠᠭ᠎ᠠ  ᠬᠠᠮᠲᠤᠷᠠᠯᠴᠠᠭ᠎ᠠ ᠶᠢ  ᠴᠢᠩᠭᠠᠳᠬᠠᠵᠤ᠂  ᠣᠷᠣᠰ᠂  ᠮᠣᠩᠭᠤᠯ ᠤᠯᠤᠰ ᠤᠨ  ᠬᠥᠷᠰᠢ  ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ   ᠪᠠ   ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ︔ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ  ᠬᠦᠴᠦᠯᠡᠨ  ᠴᠢᠩᠭᠠᠳᠬᠠᠵᠤ᠂ ︽ᠥᠪᠥᠷ ᠮᠣᠩᠭᠤᠯ ᠤᠨ ᠦᠨᠦᠷ ᠠᠮᠲᠠ︾᠂  ︽ᠥᠪᠥᠷ  ᠮᠣᠩᠭᠤᠯ ᠤᠨ  ᠳᠠᠭᠤᠤ  ᠬᠥᠭᠵᠢᠮ︾᠂  ︽ᠥᠪᠥᠷ ᠮᠣᠩᠭᠤᠯ ᠤᠨ ᠪᠥᠵᠢᠭ︾᠂ ︽ᠥᠪᠥᠷ ᠮᠣᠩᠭᠤᠯ ᠤᠨ ᠺᠢᠨᠣ᠋ ᠲᠧᠯᠸᠢᠰ︾ ᠬᠢᠭᠡᠳ ︽ᠥᠪᠥᠷ ᠮᠣᠩᠭᠤᠯ ᠤᠨ ᠵᠢᠭᠤᠯᠴᠢᠯᠠᠯ︾ ᠤᠨ  ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠬᠤᠪᠢᠰᠬᠠᠯᠲᠤ ᠵᠢᠭᠤᠯᠴᠢᠯᠠᠯ᠂ ᠰᠣᠶᠣᠯ ᠤᠨ ᠥᠪ ᠤᠨ ᠵᠢᠭᠤᠯᠴᠢᠯᠠᠯ ᠢ ᠢᠳᠡᠪᠬᠢᠲᠡᠶ ᠠᠬᠢᠭᠤᠯᠵᠤ᠂ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ  ᠬᠥᠭᠵᠢᠬᠦᠯᠬᠦ  ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号