ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ  ᠤᠨ  ︽  ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ  ᠮᠠᠲ᠋ᠧᠷᠢᠶᠠᠯ  ᠢᠶᠠᠷ  ᠬᠢᠴᠢᠶᠡᠯᠯᠡᠬᠦ ᠪᠠᠭᠰᠢ  ᠶᠢ ᠬᠠᠯᠠᠮᠵᠢᠯᠠᠨ ᠬᠠᠷᠠᠭᠠᠯᠵᠠᠬᠤ ᠬᠡᠷᠡᠭᠵᠢᠬᠦᠯᠦᠯᠳᠡ ᠶᠢᠨ ᠠᠷᠭ᠎ᠠ  ᠬᠡᠮᠵᠢᠶ᠎ᠡ ᠨᠦᠭᠦᠳ  ︵  ᠲᠤᠷᠰᠢᠨ ᠬᠡᠷᠡᠭᠵᠢᠭᠦᠯᠬᠦ ︶ ︾  ᠢ ᠳᠠᠷᠤᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2020/9/7
              ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2020﹈ 42 ᠳ᠋ᠤᠭᠠᠷ ᠲᠤᠭᠠᠳᠦᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠳᠤ᠄     ᠵᠠᠬᠢᠷᠭ᠎ᠠ ᠶᠢᠨ 2020 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ︽ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠶᠢ ᠬᠠᠯᠠᠮᠵᠢᠯᠠᠨ ᠬᠠᠷᠠᠭᠠᠯᠵᠠᠬᠤ ᠲᠣᠬᠠᠢ ᠬᠡᠷᠡᠭᠵᠢᠬᠦᠯᠦᠯᠳᠡ ᠶᠢᠨ ᠠᠷᠭ᠎ᠠ ᠬᠡᠮᠵᠢᠶ᠎ᠡ ᠨᠦᠭᠦᠳ  ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠬᠦᠯᠦᠯᠳᠡ ᠶᠢᠨ ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠲᠣᠭᠤᠰᠢᠯᠠᠭᠤᠯᠣᠨ ᠬᠡᠷᠡᠭᠵᠢᠭᠦᠯᠬᠦ ᠶᠢ ᠨᠠᠷᠢᠨ ᠬᠢᠨᠠᠮᠠᠭᠠᠶ ᠰᠠᠶᠢᠲᠤᠷ ᠠᠳᠬᠤᠭᠠᠷᠠᠶ᠃     ᠨᠢᠭᠡ᠂ ᠡᠯ᠎ᠡ ᠬᠤᠰᠢᠭᠤ ᠰᠢᠶᠠᠨ ᠬᠤᠲᠠ ︵ᠣᠷᠣᠨ︶ ᠲᠣᠰ ᠪᠢᠴᠢᠭ ᠮᠠᠲ᠋ᠧᠷᠢᠶᠠᠯ ᠢ ᠳᠠᠷᠦ᠋ᠢᠬᠠᠨ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ  ᠲᠣᠮᠳᠠᠳᠣ ᠪᠠᠭ᠎ᠠ ᠰᠤᠷᠭᠠᠭᠤᠯᠢ ᠳᠤ ᠳᠠᠮᠵᠢᠭᠤᠯᠤᠨ ᠲᠠᠷᠬᠠᠭᠠᠵᠤ  ᠂ ᠥᠷᠭᠡᠨ ᠤᠯᠠᠨ ᠺᠠᠳ᠋ᠷ ᠤᠯᠠᠨ ᠲᠦᠮᠡᠨ ᠣᠨᠴᠠᠭᠠᠶᠢᠯᠠᠨ ᠪᠠᠭᠰᠢ ᠠᠵᠢᠯᠳᠠᠨ ᠤ ᠳᠤᠮᠳᠠ ᠣᠯᠠᠮᠵᠢᠯᠠᠨ ᠲᠠᠮᠵᠢᠭᠤᠯᠬᠤ ᠬᠡᠷᠡᠭᠲᠠᠢ᠃     ᠬᠤᠶᠠᠷ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠧᠯᠸᠢᠰ᠂ ᠰᠣᠨᠢᠨ ᠰᠡᠳᠬᠦᠯ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ᠂ ︽ᠬᠡᠷᠡᠭᠵᠢᠬᠦᠯᠦᠯᠳᠡ ᠶᠢᠨ ᠠᠷᠭ᠎ᠠ ᠬᠡᠮᠵᠢᠶ᠎ᠡ ᠨᠦᠭᠦᠳ︾ ᠢ ᠥᠷᠭᠡᠨ ᠳᠡᠯᠭᠡᠷ ᠢᠶᠠᠷ ᠤᠬᠠᠭᠤᠯᠵᠤ᠂ ᠡᠷᠦᠬᠡ ᠪᠦᠷᠢ᠂ ᠬᠥᠮᠦᠨ ᠪᠦᠬᠦᠨ ᠳᠤ ᠣᠶᠢᠯᠠᠭᠠᠭᠤᠯᠣᠨ ᠮᠡᠳᠡᠭᠦᠯᠬᠦ ᠬᠡᠷᠡᠭᠲᠡᠶ᠃     ᠭᠤᠷᠪᠠ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠬᠤᠯᠪᠣᠭᠳᠠᠯ ᠪᠦᠬᠦᠢ ᠢᠵᠢ ᠪᠦᠷᠢᠳᠦᠭᠰᠡᠨ ᠳᠦᠷᠢᠮ ᠲᠣᠭᠳᠠᠭᠠᠯ ᠢ ᠱᠠᠯᠠᠪᠳᠠᠨ ᠰᠣᠳᠣᠯᠣᠨ ᠨᠡᠶᠢᠲᠡᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠮᠠᠳᠠᠭ ᠲᠠᠢ ᠡᠷᠡᠭᠡᠯᠵᠡᠯ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠳᠣᠷ ᠬᠢᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠣ᠂ ᠴᠢᠬᠤᠯᠠ ᠶᠡᠭᠡ ᠠᠰᠠᠭᠤᠳᠠᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃                                   ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                                          2020 ᠣᠨ ᠤ 9  ᠳ᠋ᠣᠬᠡᠷ ᠰᠠᠷ᠎ᠠ ᠶᠢᠨ 6 ᠤ ᠡᠳᠦᠷ        ᠰᠢᠯᠢ   ᠶᠢᠨ  ᠭᠤᠣᠯ  ᠠᠶᠢᠮᠠᠭ   ᠤᠨ  ᠵᠠᠬᠢᠷᠭ᠎ᠠ ᠶᠢᠨ ᠦᠨᠳᠦᠰᠦᠲᠡᠨ ᠰᠤᠷᠭᠠᠭᠤᠯᠢ ᠶᠢᠨ ᠤᠯᠤᠰ  ᠤᠨ  ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠶᠢ ᠬᠠᠯᠠᠮᠵᠢᠯᠠᠨ ᠬᠠᠷᠠᠭᠠᠯᠵᠠᠬᠤ ᠲᠣᠬᠠᠢ ᠬᠡᠷᠡᠭᠵᠢᠭᠦᠯᠦᠯᠳᠡ ᠶᠢᠨ ᠠᠷᠭ᠎ᠠ  ᠬᠡᠮᠵᠢᠶ᠎ᠡ  ᠨᠦᠭᠦᠳ   ︵ ᠲᠤᠷᠰᠢᠨ  ᠬᠡᠷᠡᠭᠵᠢᠭᠦᠯᠬᠦ  ︶           ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ   ᠢᠶᠠᠷ ᠵᠢᠭᠠᠨ ᠰᠣᠷᠭᠠᠯᠳᠠ ᠶᠢᠨ ᠠᠵᠢᠯ ᠢ ᠨᠠᠩ ᠰᠠᠶᠢᠲᠤᠷ ᠬᠡᠷᠡᠭᠵᠢᠬᠦᠯᠬᠦ  ᠶᠢᠨ ᠲᠣᠰᠠᠳᠠ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ   ᠤᠨ ︽ᠬᠡᠯᠡ ᠪᠢᠴᠢᠭ︾᠂ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ︵ᠤᠯᠤᠰ ᠲᠥᠷᠥ︶᠂ ︽ᠲᠡᠤᠬᠡ︾ ᠭᠤᠷᠪᠠᠨ ᠲᠥᠷᠥᠯ ᠢᠶᠠᠷ ᠬᠢᠴᠢᠶᠡᠯᠯᠡᠬᠦ ᠪᠠᠭᠰᠢ ︵ᠳᠣᠷᠣᠭᠰᠢ ︽ᠮᠣᠩᠭᠤᠯ ᠬᠢᠲᠠᠳ ᠬᠤᠤᠰ ᠬᠡᠯᠡᠨ ᠤ ᠪᠠᠭᠰᠢ︾ ᠭᠡᠵᠦ ᠲᠣᠪᠴᠢᠯᠠᠨ᠎ᠠ︶ ᠳᠤ᠂ ᠠᠵᠢᠯᠳᠠᠨ ᠤ ᠶᠠᠪᠤᠳᠠᠯ ᠤᠨ ᠪᠡᠶ᠎ᠡ ᠶᠢᠨ ᠭᠠᠷᠤᠯ᠂ ᠡᠭᠦᠷᠬᠡ ᠲᠤᠰᠢᠶᠠᠯ ᠮᠡᠷᠬᠡᠵᠢᠯ ᠤᠨ ᠴᠤᠯᠠ᠂ ᠴᠠᠯᠢᠩ ᠮᠦᠩᠬᠦ ᠶᠢᠨ ᠤᠯᠭᠤᠮᠵᠢ ᠵᠡᠷᠬᠡ ︽ᠭᠤᠷᠪᠠ ᠶᠢ ᠬᠤᠪᠢᠷᠠᠭᠤᠯᠬᠤ ᠦᠬᠡᠢ︾  ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠳᠣᠤᠷᠠᠬᠢ ᠮᠡᠲᠦ ᠬᠠᠯᠠᠮᠵᠢᠯᠠᠨ ᠬᠠᠷᠠᠭᠠᠯᠵᠠᠬᠤ ᠠᠷᠭ᠎ᠠ ᠬᠡᠮᠵᠢᠶ᠎ᠡ ᠶᠢ ᠲᠣᠭᠳᠠᠭᠠᠪᠠ᠄      ᠨᠢᠭᠡ᠂ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠳᠦᠷᠢᠮ ᠢ ᠲᠣᠭᠳᠠᠭᠠᠨ᠎ᠠ᠃ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢᠨ ᠲᠤᠰᠬᠠᠶ ᠪᠠ ᠬᠠᠪᠰᠣᠷᠭᠠᠭᠰᠠᠨ ᠬᠠᠪᠰᠤᠷᠤᠨ ᠵᠢᠯᠣᠭᠤᠳᠤᠭᠴᠢ ᠪᠣᠯᠬᠤ ᠶᠢ ᠵᠣᠷᠢᠭᠵᠢᠭᠤᠯᠵᠣ᠂ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠨ ᠰᠤᠷᠤᠯᠴᠠᠬᠤ ᠳᠤ ᠬᠦᠴᠢᠷᠲᠡᠶ ᠰᠣᠷᠣᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠵᠣ᠂  ᠰᠤᠷᠤᠭᠴᠢᠳ ᠰᠠᠶᠢᠨ ᠳᠤᠷ᠎ᠠ ᠠᠴᠠ ᠪᠠᠨ ᠭᠤᠶᠣᠴᠢᠯᠠᠯ ᠳᠤᠷᠠᠳᠴᠤ᠂ ᠰᠤᠷᠭᠠᠭᠤᠯᠢ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠣᠨ᠎ᠠ᠃ ᠬᠢᠴᠢᠶᠡᠯ  ᠤᠨ ᠳᠠᠷᠠᠭᠠᠬᠢ ᠦᠢᠯᠡᠴᠢᠯᠡᠭᠡ ᠨᠢ ᠬᠡᠪ ᠤᠨ ᠬᠢᠴᠢᠶᠡᠯ ᠤᠨ ᠴᠠᠭ ᠤᠨ ᠲᠣᠬᠢᠷᠠᠭᠤᠯᠤᠯᠲᠠ ᠶᠢ ᠡᠵᠡᠯᠡᠬᠦ ᠦᠭᠡᠢ᠃ ᠬᠠᠪᠰᠤᠷᠤᠨ ᠵᠢᠯᠣᠭᠤᠳᠣᠭᠴᠢ ᠨᠢᠭᠡᠪᠦᠷᠢ 5 —10 ᠰᠤᠷᠤᠭᠴᠢ ᠶᠢ ᠬᠠᠪᠰᠤᠷᠤᠨ ᠵᠢᠯᠣᠭᠤᠳᠴᠤ᠂ ᠬᠠᠪᠰᠤᠷᠤᠨ ᠵᠢᠯᠣᠭᠤᠳᠬᠤ ᠬᠢᠴᠢᠶᠡᠯ ᠤᠨ ᠴᠠᠭ ᠢ ᠪᠠᠭᠰᠢ ᠶᠢᠨ ᠠᠵᠢᠯ ᠤᠨ ᠬᠡᠮᠵᠢᠶ᠎ᠡ ᠳᠤ ᠪᠤᠳᠤᠵᠤ ᠣᠷᠣᠭᠤᠯᠵᠤ᠂ ᠬᠢᠴᠢᠶᠡᠯ ᠤᠨ ᠴᠠᠭ ᠠᠴᠠ ᠬᠡᠳᠦᠷᠡᠪᠡᠯ ᠵᠣᠬᠢᠬᠤ ᠬᠠᠷᠠᠮᠵᠢ ᠣᠯᠭᠤᠨ᠎ᠠ᠃ ᠮᠣᠩᠭᠤᠯ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ  ᠪᠠᠨ ᠪᠠᠲᠤᠯᠠᠬᠤ ᠶᠢᠨ ᠲᠣᠰᠠᠳᠠ᠂ ᠮᠣᠩᠭᠤᠯ ᠢᠶᠠᠷ ᠰᠣᠷᠣᠭᠰᠠᠨ ᠰᠤᠷᠤᠭᠴᠢᠳ ᠬᠦᠴᠢᠷᠳᠡᠬᠦ ᠳᠤ ᠯᠠᠪᠯᠠᠯᠲᠠ ᠪᠣᠯᠭᠠᠨ  ᠬᠡᠷᠡᠭᠵᠢᠬᠦᠯᠦᠨ᠎ᠡ᠃      ᠬᠤᠶᠠᠷ᠂ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢᠨ ᠪᠣᠯᠪᠠᠰᠣᠷᠠᠩᠭᠤᠢ ᠪᠣᠯᠭᠠᠬᠤ ᠲᠣᠭᠲᠠᠴᠠ ᠶᠢ ᠪᠠᠶᠢᠭᠤᠯᠤᠨ᠎ᠠ᠃ 2020 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠠᠴᠠ ᠡᠬᠢᠯᠡᠨ᠂ ᠰᠤᠷᠤᠯᠭ᠎ᠠ ᠶᠢᠨ ᠬᠤᠭᠤᠴᠠᠭ᠎ᠠ ᠪᠦᠷᠢ ᠠᠶᠢᠮᠠᠭ ᠤᠨ ᠰᠤᠷᠭᠠᠨ ᠬᠥᠮᠦᠵᠢᠯ ᠤᠨ  ᠲᠣᠪᠴᠢᠶᠠᠨ ᠠᠴᠠ ᠮᠣᠩᠭᠤᠯ ᠬᠢᠲᠠᠳ ᠬᠤᠤᠰ ᠬᠡᠯᠡᠨ ᠤ ᠪᠠᠭᠰᠢ ᠳᠤ ᠬᠢᠳᠠᠳ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢ ᠵᠣᠬᠢᠶᠠᠨ ᠪᠠᠶᠢᠭᠤᠯᠣᠨ ᠲᠣᠬᠢᠷᠠᠭᠤᠯᠵᠣ᠂ ᠬᠢᠷᠢ ᠲᠡᠩᠴᠡᠭᠰᠡᠳ ᠲᠤ ᠠᠶᠢᠮᠠᠭ ᠤᠨ ᠵᠠᠬᠢᠷᠭ᠎ᠠ ᠠᠴᠠ ︽ᠰᠢᠯᠢ ᠶᠢᠨ ᠭᠤᠤᠯ ᠠᠶᠢᠮᠠᠭ ᠤᠨ ᠮᠣᠩᠭᠤᠯ ᠬᠢᠲᠠᠳ ᠬᠤᠤᠰ ᠬᠡᠯᠡᠨ︾  ᠤ ᠪᠠᠭᠰᠢ ᠶᠢᠨ ᠬᠢᠷᠢ ᠬᠡᠮ ᠤᠨ ᠦᠨᠡᠮᠯᠡᠯ ᠣᠯᠭᠤᠨ᠎ᠠ᠃ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢᠨ ᠬᠢᠷᠢ ᠬᠡᠮ ᠤᠨ ᠦᠨᠡᠮᠯᠡᠯ ᠭᠦᠷᠳᠡᠭᠰᠡᠨ ᠪᠠᠭᠰᠢ ᠳᠤ ᠲᠤᠰᠬᠠᠶ ᠮᠡᠷᠭᠡᠵᠢᠯ ᠤᠨ ᠴᠣᠯᠠ  ᠶᠢ ᠣᠷᠢᠳᠠᠪᠡᠷ ᠣᠯᠭᠤᠨ᠎ᠠ  ᠃ ᠦᠨᠳᠦᠰᠦᠲᠡᠨ ᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢᠨ ᠳᠡᠭᠡᠳᠣ ᠵᠡᠷᠭᠡ ᠶᠢᠨ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢᠨ ᠲᠤᠰᠢᠶᠠᠯ ᠤᠨ ᠲᠤᠭ᠎ᠠ ᠶᠢ ᠵᠣᠬᠢᠰᠲᠠᠶ ᠨᠡᠮᠡᠭᠳᠡᠭᠦᠯᠵᠦ᠂ ᠮᠡᠷᠭᠡᠵᠢᠯ ᠤᠨ ᠴᠣᠯᠠ ᠶᠢᠨ ᠲᠤᠰᠢᠶᠠᠯ ᠤᠨ ᠲᠤᠭ᠎ᠠ ᠬᠦᠷᠦᠯᠴᠡᠬᠦ ᠦᠭᠡᠢ ᠪᠠᠶᠢᠬᠤ ᠶᠢ ᠬᠤᠰᠢᠭᠤ ᠰᠢᠶᠠᠨ ᠬᠤᠲᠠ ︵ ᠣᠷᠣᠨ︶ ᠠᠴᠠ ᠨᠢᠭᠡᠳᠦᠯᠲᠡᠶ ᠲᠥᠯᠥᠪᠯᠡᠨ ᠰᠢᠢᠳᠪᠦᠷᠢᠯᠡᠨ᠎ᠡ᠃      ᠭᠤᠷᠪᠠ᠂ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠭᠤᠷᠪᠠᠨ ᠲᠥᠷᠥᠯ ᠤᠨ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠢᠶᠠᠷ ᠬᠢᠴᠢᠶᠡᠯ ᠵᠢᠭᠠᠬᠤ ᠪᠠᠭᠰᠢ ᠳᠤ᠂ ᠤᠯᠤᠰ ᠤᠨ ᠪᠣᠯᠪᠠᠰᠤᠷᠠᠯ ᠤᠨ ᠲᠥᠯᠥᠪᠯᠡᠭᠡ᠂ ᠰᠤᠷᠭᠠᠭᠤᠯᠢ ᠶᠢᠨ ᠥᠪᠡᠷ ᠤᠨ ᠪᠣᠯᠪᠠᠰᠤᠷᠠᠯ᠂ ᠭᠤᠣᠯᠯᠠᠭᠴᠢ ᠪᠤᠯᠪᠠᠰᠤᠷᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠦᠢᠳᠬᠡᠯ ᠬᠤᠷᠢᠶᠠᠬᠤ ᠦᠭᠡᠢ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠬᠠᠩᠭᠠᠵᠤ᠂ ᠪᠤᠯᠪᠠᠰᠤᠷᠠᠯ ᠤᠨ ᠴᠠᠭ ᠢ ᠪᠠᠭᠰᠢ ᠶᠢᠨ ᠠᠵᠢᠯ ᠤᠨ ᠬᠡᠮᠵᠢᠶ᠎ᠡ ᠳᠤ ᠪᠣᠳᠣᠵᠤ ᠣᠷᠣᠭᠤᠯᠤᠨ᠎ᠠ᠃ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠵᠦ ᠪᠠᠶᠢᠭ᠎ᠠ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢ ᠨᠡᠷᠡᠲᠦ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ ᠶᠢ ᠵᠤᠷᠢᠭᠵᠢᠭᠤᠯᠵᠦ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠤᠨ ᠵᠠᠷᠤᠳᠠᠯ ᠢ ᠪᠠᠷᠢᠮᠵᠢᠶ᠎ᠠ ᠶᠣᠰᠣᠭᠠᠷ ᠪᠠᠳᠣᠯᠠᠵᠣ᠂ ︽ᠪᠠᠭᠰᠢ ᠱᠠᠪᠢ ᠶᠢᠨ ᠲᠦᠷᠢᠮ︾ ᠵᠡᠷᠭᠡ ᠠᠷᠭ᠎ᠠ ᠬᠡᠯᠪᠡᠷᠢ ᠶᠢ ᠠᠪᠴᠤ᠂ ᠮᠣᠩᠭᠤᠯ ᠬᠢᠲᠠᠳ ᠬᠤᠤᠰ ᠬᠡᠯᠡᠨ ᠤ ᠵᠢᠭᠠᠨ ᠰᠤᠷᠭᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠳᠦᠷᠪᠡ᠂ ᠮᠣᠩᠭᠤᠯ ᠬᠢᠲᠠᠳ ᠬᠤᠤᠰ ᠬᠡᠯᠡᠨ ᠤ ᠵᠢᠭᠠᠨ ᠰᠤᠷᠭᠠᠯᠲᠠ ᠶᠢᠨ ᠲᠤᠰᠠᠯᠠᠬᠤ ᠡᠬᠢ ᠪᠠᠶᠠᠯᠢᠭ ᠢ ᠪᠠᠶᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠮᠣᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠠ ᠥᠪᠥᠷ ᠮᠣᠩᠭᠤᠯ ᠤᠨ ᠤᠲᠠᠰᠤᠲᠤ ᠲᠧᠯᠸᠢᠰ ᠨᠡᠪᠲᠡᠷᠡᠭᠦᠯᠭᠡ ᠶᠢ ︽ᠢᠵᠢᠯ ᠠᠯᠬᠤᠮᠲᠤ ᠬᠢᠴᠢᠶᠡᠯ ᠤᠨ ᠲᠠᠩᠬᠢᠮ︾ ᠵᠡᠷᠭᠡ ᠲᠠᠪᠴᠠᠩ ᠳᠤ ᠲᠦᠰᠢᠭᠯᠡᠨ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠪᠠᠭᠰᠢ ᠶᠢ ᠬᠠᠪᠰᠤᠷᠤᠨ ᠵᠢᠭᠠᠨ ᠰᠤᠷᠭᠠᠬᠤ ᠪᠠ ᠵᠢᠭᠠᠨ  ᠰᠤᠳᠤᠯᠬᠤ ᠠᠵᠢᠯ ᠢ ᠦᠷᠨᠢᠬᠦᠯᠦᠨ᠎ᠡ︔ ᠮᠠᠨ ᠤ ᠠᠶᠢᠮᠠᠭ ᠤᠨ ᠨᠠᠷᠠᠲᠤ ᠰᠢᠯᠢᠳᠡᠭ ᠭᠤᠤᠯᠯᠠᠭᠴᠢ ᠪᠠᠭᠰᠢ ᠶᠢ ᠰᠦᠯᠵᠢᠶᠡᠨ ᠤ ᠬᠢᠴᠢᠶᠡᠯ ᠤᠨ ᠲᠠᠩᠬᠢᠮ᠂ ᠵᠢᠭᠠᠨ ᠰᠤᠳᠤᠯᠬᠤ ᠵᠢᠯᠣᠭᠤᠳᠣᠯᠭ᠎ᠠ ᠬᠢᠬᠦ ᠶᠢ ᠵᠣᠷᠢᠭᠵᠢᠭᠤᠯᠵᠣ ᠵᠣᠬᠢᠶᠠᠨ ᠪᠠᠶᠢᠭᠤᠯᠣᠨ᠎ᠠ᠃      ᠲᠠᠪᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠢ ᠦᠨᠡᠯᠡᠨ ᠵᠢᠱᠢᠬᠦ ᠪᠠᠷᠢᠮᠵᠢᠶ᠎ᠠ  ᠶᠢ ᠵᠣᠬᠢᠰᠲᠠᠢ ᠲᠣᠬᠢᠷᠠᠭᠤᠯᠣᠨ᠎ᠠ᠃ ᠰᠤᠷᠤᠭᠴᠢᠳ ᠤᠨ ᠲᠠᠨᠢᠨ ᠮᠡᠳᠡᠬᠦᠢ ᠶᠢᠨ ᠬᠢᠷᠢ ᠬᠡᠮᠵᠢᠶ᠎ᠡ ᠪᠠ ᠬᠢᠴᠢᠶᠡᠯ ᠤᠨ ᠴᠠᠭ ᠤᠨ ᠪᠦᠲᠦᠴᠡ ᠶᠢ ᠦᠨᠳᠦᠰᠦᠯᠡᠨ᠂ ᠵᠢᠭᠠᠨ ᠰᠤᠷᠭᠠᠯᠲᠠ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠤᠭᠲᠠᠭᠠᠵᠦ᠂ ᠬᠢᠴᠢᠶᠡᠯ ᠤᠨ ᠬᠡᠯᠪᠡᠷᠢ ᠶᠢ ᠠᠮᠢᠳᠤᠯᠢᠭ ᠢᠶᠠᠷ ᠲᠣᠬᠢᠷᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠦᠨᠡᠯᠡᠨ ᠵᠢᠱᠢᠬᠦ ᠨᠠᠷᠢᠨ ᠳᠦᠷᠢᠮ᠂ ᠪᠠᠭᠰᠢ ᠶᠢ ᠰᠢᠯᠭᠠᠨ ᠦᠨᠡᠯᠡᠬᠦ ᠨᠠᠷᠢᠨ ᠳᠦᠷᠢᠮ ᠢ  ᠲᠣᠭᠳᠠᠭᠠᠨ᠎ᠠ᠃ ᠰᠤᠷᠭᠠᠭᠤᠯᠢ ᠨᠤᠭᠤᠳ ᠵᠦᠪᠬᠡᠨ ᠭᠠᠭᠴᠠ ᠰᠤᠷᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠭᠤᠷᠪᠠᠨ ᠲᠦᠷᠦᠯ ᠤᠨ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭᠰᠢ ᠳᠤ ᠵᠢᠭᠠᠨ ᠰᠤᠷᠭᠠᠯᠲᠠ ᠶᠢᠨ ᠦᠨᠡᠯᠡᠯᠲᠡ ᠬᠢᠵᠣ ᠪᠣᠯᠬᠤ ᠦᠭᠡᠢ᠃       ᠵᠢᠷᠭᠤᠭ᠎ᠠ᠂ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ︽ᠰᠠᠭᠠᠳ ᠥᠬᠡᠶ ᠨᠡᠪᠲᠡᠷᠡᠬᠦ ᠵᠠᠮ︾ ᠢ ᠪᠡᠶᠢᠭᠤᠯᠤᠨ᠎ᠠ᠃ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠰᠢᠨ᠎ᠡ ᠪᠠᠷ ᠨᠠᠮᠡᠭᠳᠡᠭᠰᠡᠨ ᠣᠷᠣᠨ ᠲᠣᠭᠠᠨ ᠤ ᠬᠡᠷᠡᠭᠴᠡᠭᠡ ᠶᠢ ᠲᠤᠰᠠᠭᠠᠷ ᠨᠢ ᠵᠢᠭᠰᠠᠭᠠᠵᠤ᠂ ᠰᠤᠷᠭᠠᠭᠤᠯᠢ ᠨᠢ ᠵᠢᠭᠠᠨ ᠰᠤᠷᠭᠠᠬᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠯᠥᠪᠯᠡᠭᠡ ᠲᠣᠭᠲᠠᠭᠠᠵᠤ᠂ ᠣᠷᠣᠨ ᠲᠤᠭ᠎ᠠ ᠶᠢ ᠬᠡᠷᠡᠭᠯᠡᠬᠦ ᠪᠠᠷ  ᠶᠠᠮᠠᠷ ᠴᠠᠭ ᠲᠤ ᠴᠣ᠋ ᠭᠤᠶᠤᠴᠢᠯᠠᠵᠤ ᠪᠣᠯᠤᠨ᠎ᠠ᠃ ᠭᠤᠷᠪᠠᠨ ᠲᠥᠷᠥᠯ ᠤᠨ ᠬᠢᠴᠢᠶᠡᠯ ᠤᠨ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠪᠠᠶᠢᠭ᠎ᠠ ᠮᠣᠩᠭᠤᠯ ᠬᠢᠲᠠᠳ  ᠬᠤᠤᠰ  ᠬᠡᠯᠡᠨ  ᠤ  ᠪᠠᠭᠰᠢ ᠨᠠᠷ  ᠲᠤ᠂ ᠠᠵᠢᠯᠲᠠᠨ ᠡᠯᠰᠡᠬᠦ ᠳᠡᠭᠡᠨ ᠨᠠᠰᠤ ᠵᠢᠯ᠂ ᠡᠷᠦᠬᠡ ᠠᠮᠠ ᠵᠡᠷᠭᠡ ᠨᠥᠬᠦᠴᠡᠯ ᠢ ᠵᠣᠬᠢᠰᠲᠠᠶ ᠠᠭᠤᠵᠢᠭᠤ ᠲᠠᠯᠪᠢᠵᠤ᠂ ᠰᠢᠭᠤᠳ ᠲᠤᠷᠰᠢᠨ ᠬᠢᠴᠢᠶᠡᠯᠯᠡᠬᠦ ᠵᠡᠷᠭᠡ ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠰᠢᠯᠢᠨ ᠰᠤᠩᠭᠤᠨ᠂ ᠰᠢᠯᠢᠳᠡᠭ ᠢ ᠨᠢ  ᠡᠯᠰᠡᠵᠣ ᠪᠣᠯᠣᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号