ᠰᠢᠨ᠎ᠠ ᠵᠢᠯ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠵᠢᠭᠤᠯᠴᠢᠯᠡᠬᠤ ᠳᠠᠭᠠᠨ ᠤᠷᠢᠳᠴᠢᠯᠠᠨ ᠪᠤᠯᠵᠤᠬᠤ ᠶᠢ ᠪᠠᠶᠢᠩᠭᠤᠵᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/1/11
    2021 ᠤᠨ ᠤ ᠰᠢᠨ᠎ᠠ ᠵᠢᠯ  ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭ᠎ᠠ ᠤᠳᠠᠯ ᠦᠬᠡᠢ ᠬᠦᠷᠴᠦ ᠢᠷᠡᠬᠦ ᠪᠤᠯᠤᠯ᠎ᠠ᠂  ᠰᠤᠶᠤᠯ ᠪᠠ  ᠵᠢᠭᠤᠯᠴᠢᠯᠡᠯ ᠤᠨ  ᠶᠠᠮᠤᠨ ᠠᠴᠠ  ᠡᠯ᠎ᠠ  ᠭᠠᠵᠠᠷ  ᠤᠷᠤᠨ  ᠡᠯ᠎ᠠ  ᠰᠠᠯᠠᠭ᠎ᠠ ᠮᠦᠴᠢᠷ ᠤᠨ ᠬᠢᠨ ᠡᠷᠬᠡᠪᠰᠢ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠭᠦ ᠤᠷᠢᠳᠠᠯ ᠳᠤᠤᠷ᠎ᠠ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠬᠵᠢᠭᠤᠯᠵᠦ᠂ ᠤᠯᠠᠨ ᠨᠡᠶᠢᠳᠡ ᠶᠢᠨ ᠦᠢᠯᠡᠴᠢᠯᠡᠭᠡ ᠶᠢ ᠳᠡᠬᠦᠯᠳᠡᠷᠵᠢᠬᠦᠯᠵᠦ᠂ ᠰᠤᠶᠤᠯ ᠪᠡ ᠵᠢᠭᠤᠯᠴᠢᠯᠠᠯ ᠤᠨ ᠵᠠᠬ᠎ᠠ ᠳᠡᠯᠬᠡᠬᠦᠷ ᠤᠨ ᠰᠡᠷᠬᠦᠯᠳᠡ ᠬᠦᠭᠵᠢᠯᠳᠡ ᠳᠤ ᠬᠦᠴᠦᠨ ᠨᠡᠮᠡᠷᠢᠯᠡᠬᠦ ᠬᠡᠷᠡᠭᠳᠡᠢ ᠬᠡᠵᠦ ᠱᠠᠭᠠᠷᠳᠠᠵᠦ ᠪᠠᠶᠢᠨ᠎ᠠ᠃ ᠰᠤᠶᠤᠯ ᠪᠡ ᠵᠢᠭᠤᠯᠴᠢᠯᠡᠯ ᠤᠨ ᠶᠠᠮᠤᠨ ᠠᠴᠠ ᠤᠢᠢᠷ᠎ᠠ ᠳᠤ ︽2021 ᠤᠨ ᠤ  ᠰᠢᠨ᠎ᠠ ᠵᠢᠯ  ᠴᠠᠭᠠᠨ ᠰᠠᠷ᠎ᠠ ᠶᠢᠨ ᠰᠤᠶᠤᠯ ᠪᠡ ᠵᠢᠭᠤᠯᠴᠢᠯᠡᠯ ᠤᠨ ᠠᠮᠠᠷᠠᠯᠳᠠ ᠶᠢᠨ ᠡᠳᠦᠷ ᠤᠨ ᠵᠠᠬ᠎ᠠ ᠳᠡᠯᠬᠡᠬᠦᠷ ᠤᠨ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾ ᠢ ᠨᠡᠶᠢᠳᠡᠯᠡᠵᠦ᠂ ᠳᠤᠳᠤᠭᠠᠳᠤ ᠬᠡᠷᠡᠭᠴᠡᠭᠡ ᠶᠢ ᠦᠷᠬᠡᠳᠬᠡᠬᠦ  ᠪᠠᠶᠢᠯᠳᠤᠬᠤ ᠪᠤᠳᠤᠯᠭ᠎ᠠ ᠶᠢᠨ  ᠦᠨᠳᠦᠰᠦᠨ  ᠴᠡᠭ ᠢ  ᠪᠠᠷᠢᠮᠳᠠᠯᠠᠵᠦ᠂  ᠤᠯᠤᠰ ᠤᠨ ᠳᠤᠳᠤᠭᠠᠳᠤ ᠵᠢᠨ‌‍ᠬᠦ᠋ᠴᠦᠳᠦ ᠶᠡᠭᠡ ᠵᠠᠬ᠎ᠠ ᠳᠡᠯᠬᠡᠬᠦᠷ ᠢ ᠪᠦᠷᠢᠯᠳᠦᠬᠦᠯᠬᠦ ᠬᠡᠷᠡᠭᠳᠡᠢ᠃ ᠡᠯ᠎ᠠ ᠭᠠᠵᠠᠷ ᠤᠷᠤᠨ ᠤ ᠰᠤᠶᠤᠯ ᠪᠡ ᠵᠢᠭᠤᠯᠴᠢᠯᠡᠯ ᠤᠨ ᠰᠠᠯᠠᠭ᠎ᠠ ᠮᠦᠴᠢᠷ ᠡᠷᠬᠡᠪᠰᠢ  ᠵᠢᠭᠤᠯᠴᠢᠯᠠᠬᠰᠠᠳ ᠤᠨ ᠬᠡᠷᠡᠭᠴᠡᠬᠡᠨ ᠳᠤ ᠳᠤᠬᠢᠷᠠᠬᠰᠠᠨ ᠨᠢᠬᠡ ᠪᠦᠯᠦᠭ ᠵᠢᠭᠤᠯᠴᠢᠯᠡᠯ ᠤᠨ ᠱᠤᠭᠤᠮ᠂ ᠵᠤᠷᠢᠵᠦ ᠤᠴᠢᠬᠤ ᠭᠠᠵᠠᠷ ᠬᠢᠬᠡᠳ ᠤᠷᠤᠨ ᠨᠤᠳᠤᠬ ᠤᠨ ᠪᠠ  ᠦᠨᠳᠦᠰᠦᠳᠡᠨ ᠤ  ᠤᠨᠴᠠᠯᠢᠬ ᠲᠠᠢ ᠪᠦᠳᠦᠬᠡᠯᠴᠢ ᠰᠠᠨᠠᠭ᠎ᠠ ᠠᠬᠤᠢ ᠲᠠᠢ ᠪᠦᠲᠦᠭᠡᠭᠳᠡᠬᠦᠨ ᠭᠠᠷᠭᠠᠵᠦ᠂ ︽ᠰᠤᠶᠤᠯ ᠢᠶᠠᠷ ᠰᠢᠨ᠎ᠡ   ᠵᠢᠯ ᠢᠶᠠᠨ ᠤᠬᠳᠤᠬᠤ︾ ︽ᠤᠷᠠᠯᠢᠬ ᠢᠶᠠᠷ ᠠᠷᠠᠳ ᠳᠦᠮᠡᠨ ᠳᠤ ᠦᠢᠯᠡᠴᠢᠯᠡᠬᠦ︾ ︽ᠪᠤᠳᠠᠰ ᠤᠨ ᠪᠤᠰᠤ ᠰᠤᠶᠤᠯ ᠢᠶᠠᠷ ᠴᠠᠭᠠᠨ ᠰᠠᠷ᠎ᠠ ᠪᠠᠨ ᠦᠩᠬᠡᠷᠡᠬᠡᠬᠦ︾ ᠵᠡᠷᠬᠡ ᠦᠨᠳᠦᠰᠦᠨ ᠱᠠᠳᠤᠨ ᠳᠤ ᠦᠢᠯᠡᠴᠢᠯᠡᠬᠦ ᠠᠵᠢᠯᠯᠠᠭ᠎ᠠ ᠶᠢ ᠦᠷᠨᠢᠬᠦᠯᠵᠦ᠂ ᠠᠷᠠᠳ ᠤᠨ ᠲᠤᠮᠲᠠᠬᠢ ᠰᠢᠯᠢᠳᠡᠭ  ᠰᠤᠶᠤᠯ ᠤᠷᠠᠯᠢᠬ ᠢ ᠳᠡᠯᠬᠡᠷᠡᠬᠦᠯᠬᠦ ᠬᠡᠷᠡᠭᠳᠡᠢ ᠬᠡᠵᠦ ᠱᠠᠭᠠᠷᠳᠠᠪᠠ᠃             ᠮᠡᠳᠡᠭᠳᠡᠯ ᠳᠤ᠂ ᠡᠯ᠎ᠠ ᠭᠠᠵᠠᠷ ᠤᠷᠤᠨ ᠤ ᠬᠢᠨ ᠡᠷᠬᠡᠪᠰᠢ ᠦᠵᠡᠮᠵᠢ ᠶᠢᠨ ᠤᠷᠤᠨ᠂  ᠪᠠᠭᠤᠳᠠᠯ᠂ ᠵᠠᠮ ᠬᠠᠷᠢᠯᠴᠠᠭ᠎ᠠ ᠵᠡᠷᠬᠡ ᠠᠵᠦ ᠠᠬᠤᠢᠢᠯᠡᠯ ᠢ ᠵᠢᠯᠤᠭᠤᠳᠴᠤ ᠪᠠᠶᠢᠭᠠᠳ ᠪᠠᠴᠢᠮ ᠪᠠᠶᠢᠳᠠᠯ ᠢ  ᠠᠷᠭᠠᠴᠠᠬᠤ ᠳᠦᠰᠦᠯ ᠢ ᠨᠢ ᠳᠡᠬᠦᠯᠳᠡᠷᠵᠢᠬᠦᠯᠵᠦ᠂ ᠠᠷᠢᠭᠤᠨ ᠴᠡᠪᠡᠷ ᠢ ᠬᠠᠮᠠᠭᠠᠯᠠᠬᠤ ᠠᠷᠢᠭᠤᠳᠬᠠᠯ ᠬᠢᠬᠦ ᠠᠵᠢᠯ ᠢ ᠰᠠᠶᠢᠳᠤᠷ ᠬᠢᠬᠦ ᠬᠡᠷᠡᠭᠳᠡᠢ︔ ︽ᠤᠶᠤᠨᠳᠦ ᠦᠵᠡᠮᠵᠢ ᠶᠢᠨ ᠤᠷᠤᠨ︾ ᠤ ᠦᠢᠯᠡᠴᠢᠯᠡᠬᠡᠨ ᠤ ᠳᠦᠪᠰᠢᠨ ᠢ ᠳᠡᠬᠡᠭᠰᠢᠯᠡᠬᠦᠯᠵᠦ᠂ ᠦᠵᠡᠮᠵᠢ ᠶᠢᠨ ᠤᠷᠤᠨ  ᠳᠤ ᠵᠢᠭᠤᠯᠴᠢᠯᠠᠬᠤ ᠶᠢ ᠤᠷᠢᠳᠴᠢᠯᠡᠨ ᠪᠤᠯᠵᠤᠬᠤ ᠶᠢ ᠪᠠᠶᠢᠡᠭᠭᠤᠵᠢᠭᠤᠯᠬᠤ ᠬᠡᠷᠡᠭᠳᠡᠢ ᠬᠡᠵᠦ ᠱᠠᠭᠠᠷᠳᠠᠪᠠ᠃ ᠮᠡᠳᠡᠭᠳᠡᠯ ᠳᠤ᠂ ᠬᠤᠤᠰ ᠠᠮᠠᠷᠠᠯᠳᠠ ᠶᠢᠨ  ᠬᠤᠭᠤᠴᠠᠭᠠᠨ ᠳᠤ᠂ ᠡᠯ᠎ᠠ  ᠭᠠᠵᠠᠷ  ᠤᠷᠤᠨ ᠤ ᠬᠢᠨ  ᠡᠷᠬᠡᠪᠰᠢ  ᠵᠠᠬ᠎ᠠ ᠳᠡᠯᠬᠡᠬᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠵᠦ᠂ ︽ᠵᠦᠢ ᠵᠤᠬᠢᠰ ᠦᠬᠡᠢ  ᠬᠢᠮᠳᠠ ᠦᠨ᠎ᠠ ᠶᠢᠨ ᠵᠢᠭᠤᠯᠴᠢᠯᠠᠯ︾᠂ ᠬᠢᠷᠢ ᠳᠡᠩᠴᠡᠬᠦ ᠦᠬᠡᠢ ᠬᠠᠩᠭᠠᠯᠭ᠎ᠠ ᠶᠢᠨ ᠬᠤᠳᠠᠯᠳᠤᠭᠠᠴᠢᠨ ᠠᠴᠠ ᠦᠢᠯᠡᠳᠬᠦᠨ ᠪᠡ ᠦᠢᠯᠡᠴᠢᠯᠡᠭᠡ ᠵᠠᠬᠢᠶᠠᠯᠠᠵᠦ ᠠᠪᠬᠤ ᠵᠡᠷᠬᠡ ᠬᠠᠤᠯᠢ  ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠵᠦ᠂ ︽ᠰᠦᠯᠵᠢᠶᠡᠨ ᠳᠠᠬᠢ ᠵᠢᠭᠤᠯᠴᠢᠯᠡᠯ  ᠤᠨ ᠡᠵᠡᠩᠨᠡᠯᠳᠡ ᠦᠢᠯᠡᠴᠢᠯᠡᠬᠡᠨ ᠤ  ᠬᠠᠮᠢᠶᠠᠷᠤᠯᠳᠠ  ᠶᠢᠨ ᠳᠦᠷ ᠬᠡᠷᠡᠭᠵᠢᠬᠦᠯᠬᠦ ᠳᠤᠬᠳᠠᠭᠠᠯ︾ ᠢ ᠨᠠᠶᠢᠳᠠᠪᠤᠷᠢᠵᠢᠭᠤᠯᠤᠨ᠂  ᠰᠦᠯᠵᠢᠶᠡᠨ ᠳᠠᠬᠢ ᠵᠢᠭᠤᠯᠴᠢᠯᠠᠯ ᠤᠨ ᠵᠠᠬ᠎ᠠ ᠳᠡᠯᠬᠡᠬᠦᠷ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠳᠡᠢ ᠬᠡᠵᠦ ᠳᠤᠳᠤᠷᠬᠠᠢᠢᠯᠡᠪᠡ᠃                      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号