ᠰᠤᠷᠭᠠᠨ ᠬᠦᠮᠦᠵᠢᠯ ᠤᠨ ᠶᠠᠮᠤᠨ ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/1/13
    ᠣᠶᠢᠷ᠎ᠠ ᠶᠢᠨ ᠡᠳᠦᠷ᠂ ᠰᠤᠷᠭᠠᠨ ᠬᠦᠮᠦᠵᠢᠯ ᠤᠨ ᠶᠠᠮᠤᠨ ︽ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂  ᠨᠠᠮ ᠤᠨ  ᠲᠥᠪ  ᠬᠤᠷᠢᠶ᠎ᠠ᠂  ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂  ᠦᠨᠦ ᠡᠪᠦᠯ ᠢᠷᠡᠬᠦ ᠬᠠᠪᠤᠷ ᠤᠨ ᠬᠢᠵᠢᠭ ᠢ ᠰᠡᠷᠭᠡᠶᠢᠯᠡᠨ‌ᠡᠵᠡᠮᠳᠡᠬᠦ ᠠᠵᠢᠯ ᠢ ᠦᠴᠦᠬᠡᠨ ᠴᠤ ᠰᠤᠯᠠᠷᠠᠭᠤᠯᠤᠯ  ᠦᠭᠡᠢ ᠪᠠᠷ ᠰᠠᠶᠢᠲᠤᠷ ᠠᠳᠬᠤᠨ᠂ ᠶᠡᠭᠡ ᠳᠡᠭᠡᠳᠦ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠭᠤᠴᠠᠭ᠎ᠠ ᠪᠠ ᠢᠷᠡᠬᠦ ᠬᠠᠪᠤᠷ ᠤᠨ ᠰᠤᠷᠤᠯᠭ᠎ᠠ ᠡᠬᠢᠯᠡᠬᠦ ᠠᠵᠢᠯ ᠎ ᠢ ᠨᠢᠭᠡᠲᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃           ︽ᠮᠡᠳᠡᠭᠳᠡᠯ︾᠎ ᠳᠤ᠂ ᠬᠢᠵᠢᠭ ᠤᠨ  ᠪᠠᠶᠢᠳᠠᠯ  ᠢ  ᠰᠡᠷᠭᠡᠶᠢᠯᠡᠨ ᠡᠵᠡᠮᠳᠡᠬᠦ  ᠪᠠᠶᠢᠳᠠᠯ  ᠢ  ᠭᠦᠨᠵᠡᠭᠡᠢ  ᠲᠠᠨᠢᠬᠤ ᠬᠡᠷᠡᠭᠲᠡᠢ᠃ ᠡᠯ᠎ᠡ ᠭᠠᠵᠠᠷ ᠤᠨ  ᠰᠤᠷᠭᠠᠨ  ᠬᠦᠮᠦᠵᠢᠯ ᠤᠨ  ᠰᠠᠯᠠᠭ᠎ᠠ  ᠮᠦᠴᠢᠷ  ᠬᠠᠷᠢᠶ᠎ᠠ  ᠭᠠᠵᠠᠷ ᠤᠨ ᠢᠶᠠᠨ  ᠬᠠᠮᠢᠶᠠᠷᠤᠯᠲᠠ ᠶᠢᠨ  ᠵᠠᠷᠴᠢᠮ ᠶᠣᠰᠣᠭᠠᠷ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ  ᠵᠠᠰᠠᠭ ᠤᠨ  ᠣᠷᠳᠣᠨ ᠤ  ᠤᠳᠤᠷᠢᠳᠤᠯᠭ᠎ᠠ  ᠳᠣᠣᠷ᠎ᠠ᠂  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ  ᠎ ᠪᠠᠨ  ᠬᠢᠨᠠᠮᠠᠭᠠᠢ ᠭᠦᠢᠴᠡᠳᠬᠡᠨ᠂ ᠴᠠᠭ ᠲᠤᠬᠠᠢ ᠳᠤ ᠨᠢ ᠰᠤᠳᠤᠯᠤᠨ ᠮᠠᠭᠠᠳᠯᠠᠬᠤ᠂ ᠴᠠᠭ ᠲᠤᠬᠠᠢ ᠳᠤ  ᠎ ᠨᠢ  ᠪᠠᠶᠢᠷᠢᠯᠠᠭᠤᠯᠤᠯᠲᠠ ᠬᠢᠬᠦ᠂  ᠴᠠᠭ ᠲᠤᠬᠠᠢ ᠳᠤ ᠨᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠬᠢᠬᠦ  ᠬᠡᠷᠡᠭᠲᠡᠢ᠃  ᠶᠡᠭᠡ ᠳᠡᠭᠡᠳᠦ ᠰᠤᠷᠭᠠᠭᠤᠯᠢ ︽ᠶᠡᠭᠡ ᠳᠡᠭᠡᠳᠦ ᠰᠤᠷᠭᠠᠭᠤᠯᠢ ᠶᠢᠨ ᠨᠠᠮᠤᠷ ᠡᠪᠦᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠦᠰᠦᠯ ︵ᠰᠢᠨᠡᠳᠬᠡᠭᠰᠡᠨ ᠬᠡᠪᠯᠡᠯ︶︾᠎ ᠢ ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠪᠤᠳᠠᠰ ᠢ ᠬᠠᠮᠲᠤ ᠳᠤ ᠨᠢ ᠰᠡᠷᠭᠡᠶᠢᠯᠡᠬᠦ᠂ ᠣᠯᠠᠨ  ᠡᠪᠡᠳᠴᠢᠨ  ᠢ  ᠬᠠᠮᠲᠤ  ᠳᠤ  ᠎ ᠨᠢ  ᠰᠡᠷᠭᠡᠶᠢᠯᠡᠬᠦ  ᠶᠢ ᠪᠠᠷᠢᠮᠲᠠᠯᠠᠨ᠂ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠎ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ︽ᠳᠦᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠦᠪᠯᠡᠷᠡᠩᠭᠦᠢ ᠴᠢᠨᠠᠷᠲᠠᠢ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠠᠶᠢᠩᠭᠤ ᠶᠢᠨ ᠴᠢᠨᠠᠷᠲᠠᠢ ᠨᠠᠷᠢᠯᠢᠭ ᠣᠨᠣᠪᠴᠢᠲᠠᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ  ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠎ ᠢ ᠠᠷᠭᠠᠴᠠᠬᠤ ᠰᠤᠷᠢᠯᠲᠠ ᠶᠢ ᠴᠢᠩᠭᠠᠳᠬᠠᠨ᠂ ᠡᠳ᠋ ᠪᠤᠳᠠᠰ ᠤᠨ ᠨᠥᠭᠡᠴᠡ ᠶᠢ ᠰᠠᠶᠢᠲᠤᠷ ᠬᠢᠵᠦ᠂ ᠪᠠᠴᠢᠮ  ᠪᠠᠶᠢᠳᠠᠯ ᠎ ᠢ  ᠠᠷᠭᠠᠴᠠᠨ  ᠰᠢᠢᠳᠪᠦᠷᠢᠯᠡᠬᠦ  ᠴᠢᠳᠠᠪᠤᠷᠢ  ᠎ ᠪᠠᠨ  ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃     ︽ᠮᠡᠳᠡᠭᠳᠡᠯ︾  ᠎ ᠳᠤ ᠱᠠᠭᠠᠷᠲᠠᠬᠤ ᠳᠠᠭᠠᠨ᠂  ᠡᠪᠦᠯ ᠤᠨ ᠠᠮᠠᠷᠠᠯᠲᠠ ᠲᠠᠯᠪᠢᠬᠤ  ᠴᠠᠭ ᠢᠶᠠᠨ  ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠪᠠ ᠶᠡᠭᠡ ᠳᠡᠭᠡᠳᠦ ᠰᠤᠷᠭᠠᠭᠤᠯᠢ ᠨᠤᠭᠤᠳ ᠤᠨ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠲᠦᠯᠲᠡᠢ ᠲᠣᠬᠢᠷᠠᠭᠤᠯᠤᠯᠲᠠ ᠶᠣᠰᠣᠭᠠᠷ ᠮᠤᠵᠢ ᠎ ᠶᠢᠨ ᠱᠠᠲᠤᠨ  ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠢᠭᠡᠲᠦᠯᠲᠡᠢ ᠲᠦᠯᠦᠪᠵᠢᠬᠦᠯᠭᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠪᠣᠯᠣᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠬᠢᠴᠠ ᠶᠢ ᠦᠨᠳᠦᠰᠦᠯᠡᠨ ᠲᠤᠬᠠᠢ ᠶᠢᠨ ᠭᠠᠵᠠᠷ ᠣᠷᠣᠨ ᠤ ᠪᠠᠶᠢᠳᠠᠯ ᠪᠠ ᠰᠤᠷᠭᠠᠭᠤᠯᠢ ᠶᠢᠨ ᠪᠠᠶᠢᠳᠠᠯ ᠳᠤ ᠨᠢ ᠲᠣᠬᠢᠷᠠᠭᠤᠯᠤᠨ ᠡᠪᠦᠯ ᠤᠨ ᠠᠮᠠᠷᠠᠯᠲᠠ ᠲᠠᠯᠪᠢᠬᠤ ᠴᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ᠰᠤᠷᠤᠭᠴᠢᠳ ᠢ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠠᠴᠠ ᠰᠠᠯᠭᠠᠨ ᠠᠮᠠᠷᠠᠯᠲᠠ ᠲᠠᠯᠪᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠃  ᠠᠮᠤᠷ ᠲᠦᠪᠰᠢᠨ ᠢ ᠪᠠᠲᠤᠯᠠᠭᠰᠠᠨ ᠤᠷᠢᠳᠠᠯ ᠳᠣᠣᠷ᠎ᠠ ᠰᠤᠷᠤᠭᠴᠢᠳ  ᠤᠨ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠯ ᠬᠢᠬᠦ ᠶᠢ ᠲᠣᠬᠢᠲᠠᠢ ᠰᠠᠶᠢᠲᠤᠷ ᠲᠣᠬᠢᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠳᠠᠭᠰᠢ ᠭᠠᠷᠴᠤ ᠠᠵᠢᠯ ᠣᠯᠬᠤ ᠳᠠᠳᠤᠯᠭ᠎ᠠ ᠪᠣᠯᠣᠨ ᠬᠦᠮᠦᠨ ᠬᠡᠷᠡᠭᠯᠡᠬᠦ ᠨᠢᠭᠡᠴᠡ ᠶᠢᠨ ᠰᠤᠷᠭᠠᠭᠤᠯᠢ ᠳᠤ ᠣᠷᠣᠵᠤ ᠣᠷᠢᠨ ᠡᠯᠰᠡᠬᠦ ᠠᠵᠢᠯᠯᠠᠭ᠎ᠠ ᠶᠢ ᠵᠦᠢᠯ ᠵᠣᠬᠢᠰᠲᠠᠢ ᠲᠣᠬᠢᠷᠠᠭᠤᠯᠬᠤ  ᠬᠡᠷᠡᠭᠲᠡᠢ ᠭᠡᠵᠡᠢ᠃           ︽ᠮᠡᠳᠡᠭᠳᠡᠯ︾᠎ ᠳᠤ᠂ ᠪᠠᠭᠰᠢ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠨᠤᠲᠤᠭ ᠲᠠᠭᠠᠨ ᠪᠤᠴᠠᠬᠤ ᠪᠠ ᠭᠡᠷ ᠲᠡᠭᠡᠨ ᠰᠠᠭᠤᠬᠤ ᠬᠤᠭᠤᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠮᠡᠳᠡᠭᠳᠡᠯ ᠳᠠᠷᠤᠮᠠᠯᠯᠠᠨ ᠲᠠᠷᠬᠠᠭᠠᠬᠤ᠂ ᠠᠩᠭᠢ  ︵ᠪᠦᠯᠬᠦᠮ᠂ ᠳᠤᠭᠤᠶᠢᠯᠠᠩ︶᠎ ᠶᠢᠨ ᠬᠤᠷᠠᠯ ᠬᠢᠬᠦ᠂ ᠰᠠᠨᠠᠭᠤᠯᠭ᠎ᠠ ᠨᠡᠶᠢᠲᠡᠯᠡᠬᠦ ᠵᠡᠷᠭᠡ ᠬᠡᠯᠪᠡᠷᠢ ᠮᠠᠶ᠋ᠢᠭ ᠢᠶᠠᠷ  ᠳᠠᠮᠵᠢᠭᠤᠯᠤᠨ  ᠪᠠᠭᠰᠢ  ᠰᠤᠷᠤᠭᠴᠢᠳ ᠢ  ᠬᠦᠲᠦᠯᠦᠨ  ᠵᠢᠯᠤᠭᠤᠳᠴᠤ ᠪᠠᠶᠢᠭᠠᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ ᠪᠤᠴᠠᠬᠤ ᠵᠠᠮ  ᠵᠠᠭᠤᠷ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃  ᠪᠠᠭᠰᠢ ᠰᠤᠷᠤᠭᠴᠢᠳ ᠡᠪᠦᠯ ‍ᠦᠨ‌ᠠᠮᠠᠷᠠᠯᠲᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠠᠮᠠᠷᠠᠯᠲᠠ ᠲᠠᠯᠪᠢᠭᠰᠠᠨ ᠤ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠷᠤ ᠲᠠᠯ᠎ᠠ ᠶᠢᠨ ᠬᠠᠮᠢᠶᠠᠷᠤᠯᠲᠠ ᠶᠢᠨ ᠠᠷᠭ᠎ᠠ ᠠᠪᠴᠠᠯ ᠢ ᠴᠠᠭ ᠲᠤᠬᠠᠢ ᠳᠤ ᠨᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠭᠤᠯᠢ ᠳᠠᠭᠠᠨ ᠬᠤᠴᠣᠷᠣᠭᠰᠠᠨ ᠪᠠᠭᠰᠢ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠰᠤᠷᠤᠯᠴᠠᠯᠭ᠎ᠠ ᠪᠠ ᠠᠮᠢᠳᠤᠷᠠᠯ ᠢ  ᠬᠦᠴᠦᠲᠡᠢ ᠪᠠᠲᠤᠯᠠᠬᠤ ᠬᠡᠷᠡᠭᠲᠡᠢ ᠭᠡᠵᠦ ᠴᠢᠩᠲᠠᠯᠠᠨ ᠲᠤᠷᠠᠳᠪᠠ᠃             ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠰᠤᠷᠭᠠᠭᠤᠯᠢ ᠳᠠᠭᠠᠨ ᠪᠤᠴᠠᠬᠤ ᠠᠵᠢᠯ ᠢ ᠵᠦᠷᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠨᠤᠭᠤᠳ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠦᠨᠳᠦᠰᠦᠯᠡᠨ᠂  2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠵᠢᠯ ᠢ ᠨᠠᠷᠢᠯᠢᠭ ᠲᠣᠬᠢᠷᠠᠭᠤᠯᠤᠨ᠂ ᠰᠤᠷᠭᠠᠭᠤᠯᠢ ᠡᠬᠢᠯᠡᠬᠦ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠰᠤᠷᠤᠭᠴᠢᠳ ᠢ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠳᠤ ᠪᠤᠴᠠᠭᠤᠯᠬᠤ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠮᠤᠵᠢ ᠶᠢᠨ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠣᠷᠣᠨ ᠪᠦᠰᠡ ᠶᠢᠨ ᠲᠣᠲᠣᠷᠠᠬᠢ ᠨᠢᠭᠡᠲᠦᠯᠲᠡᠢ ᠲᠥᠯᠥᠪᠯᠡᠬᠦ ᠠᠵᠢᠯ ᠢᠶᠠᠨ ᠴᠢᠩᠭᠠᠳᠬᠠᠵᠤ᠂ ᠦᠢᠯᠡᠴᠢᠯᠡᠬᠡᠨ ᠪᠠ ᠬᠦᠲᠦᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ᠂ ᠡᠯ᠎ᠡ ᠭᠠᠵᠠᠷ ᠣᠷᠣᠨ ᠪᠠ ᠡᠯ᠎ᠡ ᠶᠡᠭᠡ  ᠳᠡᠭᠡᠳᠦ ᠰᠤᠷᠭᠠᠭᠤᠯᠢ ᠨᠤᠭᠤᠳ ᠪᠠᠭᠰᠢ ᠰᠤᠷᠤᠭᠴᠢᠳ ᠤᠨ ᠳᠣᠲᠣᠷ᠎ᠠ ᠬᠡᠷᠪᠡ ᠭᠡᠨᠡᠳᠲᠡ ᠶᠢᠨ ᠬᠢᠵᠢᠭ ᠭᠠᠷᠪᠠᠯ ᠴᠠᠭ ᠲᠤᠬᠠᠢ ᠳᠤ ᠨᠢ ᠮᠡᠳᠡᠬᠦᠯᠬᠦ ᠬᠡᠷᠡᠭᠲᠡᠢ ᠭᠡᠵᠦ ︽ᠮᠡᠳᠡᠭᠳᠡᠯ︾᠎ ᠳᠤ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号