ᠰᠢᠨ᠎ᠡ ᠵᠢᠯ ᠤᠨ ᠡᠬᠢᠨ ᠳᠤ᠂ ᠥᠪᠥᠷ ᠮᠣᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ ᠬᠥᠷᠥᠰᠥ | ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠳᠦᠷᠢᠮ ᠲᠤᠬᠳᠠᠭᠠᠵᠤ᠂ ᠭᠠᠵᠠᠷ ᠰᠢᠷᠣᠶ ᠶᠢᠨ ᠡᠬᠢ | ᠪᠠᠶᠠᠯᠢᠭ ᠢ ᠲᠣᠭᠲᠠᠪᠤᠷᠢᠲᠠᠢ ᠠᠰᠢᠭᠯᠠᠬᠤ ᠶᠢ ᠠᠬᠢᠭᠤᠯᠬᠤ ᠪᠠᠷ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠲᠦᠷᠢᠮ︾ ᠳᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠦᠷ ᠬᠥᠷᠥᠰᠥ | ᠰᠢᠷᠣᠶ ᠶᠢ ᠬᠠᠮᠠᠭᠠᠯᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠬᠦ ᠡᠭᠦᠷᠭᠡ ᠲᠠᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢ ᠠᠬᠤᠶ ᠶᠢᠨ ᠣᠷᠴᠢᠨ ᠨᠦᠬᠦᠴᠡᠯ ᠢ ᠬᠠᠮᠠᠭᠠᠯᠠᠬᠤ | ᠬᠠᠷᠢᠭᠤᠴᠠᠯᠭ᠎ᠠ ᠶᠢᠨ ᠲᠤᠬᠠᠢ ᠲᠤᠳᠤᠷᠬᠠᠢ ᠳᠦᠷᠢᠮ ᠲᠣᠭᠲᠠᠭᠠᠵᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠲᠤᠬᠠᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠶ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠶᠡᠷᠦᠩᠬᠡᠶᠢᠯᠡᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠤᠷ ᠲᠦᠪᠰᠢᠨ ᠠᠰᠢᠭᠯᠠᠬᠤ ᠳᠤ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠳᠠᠬᠢ ᠰᠡᠷᠭᠦᠭᠡᠬᠦ | ᠴᠢᠬᠤᠯᠠᠲᠠᠶ ᠭᠠᠵᠠᠷ ᠲᠤ᠂ ᠬᠥᠷᠥᠰᠥ ᠰᠢᠷᠣᠶ ᠶᠢᠨ ᠪᠣᠬᠢᠷᠲᠤᠯ ᠢ ᠵᠠᠰᠠᠨ ᠰᠡᠷᠭᠦᠭᠡᠬᠦ ᠲᠤᠰᠬᠠᠢ ᠬᠠᠷᠢᠭᠤᠴᠠᠯᠭᠠᠲᠠᠨ ᠤ | ᠲᠥᠰᠦᠯ ᠢ ᠲᠣᠭᠲᠠᠭᠠᠵᠤ ᠬᠡᠷᠡᠭᠵᠢᠭᠦᠯᠬᠦ ᠬᠡᠷᠡᠭᠲᠡᠶ ᠭᠡᠵᠦ ᠥᠪᠥᠷ ᠮᠣᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ | ᠱᠠᠭᠠᠷᠳᠠᠭᠰᠠᠨ ᠪᠠᠶᠢᠨ᠎ᠠ᠂ ᠡᠭᠦᠨ ᠳᠤ ᠭᠤᠤᠯᠳᠠᠭᠤ ᠵᠠᠰᠠᠨ ᠰᠡᠷᠭᠦᠭᠡᠬᠦ ᠬᠡᠪᠴᠢᠶ᠎ᠡ᠂ ᠭᠦᠢᠴᠡᠳᠬᠡᠬᠦ ᠨᠣᠷᠮ᠎ᠠ᠂ ᠵᠠᠰᠠᠨ | ᠰᠡᠷᠭᠦᠭᠡᠬᠦ ᠠᠷᠭ᠎ᠠ ᠮᠠᠶ᠋ᠢᠭ᠂ ᠪᠠᠷᠢᠯᠭ᠎ᠠ ᠶᠢᠨ ᠲᠥᠰᠦᠯ ᠪᠠ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠠᠭᠤᠯᠭ᠎ᠠ ᠪᠠᠭᠲᠠᠨ᠎ᠠ᠃ | ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠭᠰᠡᠨ ᠥᠬᠡᠶ ᠠᠭᠤᠷᠬᠠᠶ ᠶᠢᠨ ᠠᠵᠤ ᠠᠬᠤᠶᠢᠯᠠᠯ ᠵᠢᠴᠢ ᠲᠣᠰᠣ ᠪᠠ ᠬᠡᠶ ᠳᠠᠮᠵᠢᠭᠤᠯᠬᠤ ᠬᠤᠭᠤᠯᠠᠶ ᠱᠤᠭᠤᠮ᠂ | ᠪᠣᠬᠢᠷ ᠤᠰᠤᠨ ᠤ ᠬᠤᠭᠤᠯᠠᠶ ᠶᠢᠨ ᠲᠦᠬᠦᠭᠡᠷᠤᠮᠵᠢ᠂ ᠲᠣᠰᠣ ᠬᠠᠳᠠᠭᠠᠯᠠᠬᠤ ᠰᠠᠪᠠ᠂ ᠲᠣᠰᠣ ᠨᠡᠮᠡᠬᠦ ᠥᠷᠲᠡᠭᠡ ᠶᠢᠨ | ᠥᠮᠴᠢᠯᠡᠭᠴᠢ ᠪᠤᠶᠤ ᠡᠵᠡᠩᠨᠡᠭᠴᠢ ᠶᠢ ᠠᠮᠢ ᠠᠬᠤᠶ ᠶᠢᠨ ᠣᠷᠴᠢᠨ ᠨᠦᠬᠦᠴᠡᠯ ᠢ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠨ ᠪᠠᠶᠢᠵᠤ ᠵᠣᠬᠢᠰ ᠦᠭᠡᠢ ᠠᠵᠢᠯᠯᠠᠭ᠎ᠠ ᠶᠢ ᠨᠢ ᠵᠠᠯᠠᠷᠠᠭᠤᠯᠬᠤ ᠬᠡᠷᠡᠭᠲᠡᠢ ᠪᠥᠭᠡᠳ ᠬᠠᠮᠢᠶᠠᠲᠠᠢ | ᠬᠥᠮᠥᠰ ᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ | ᠲᠣᠷᠭᠠᠬᠤ ᠰᠢᠢᠳᠬᠡᠯ ᠣᠯᠭᠤᠨ᠎ᠠ︔ ᠬᠦᠨᠳᠦ ᠨᠣᠴᠢᠲᠠᠶ ᠤᠷᠰᠢᠭ ᠲᠠᠳᠠᠬᠰᠠᠨ ᠪᠠᠶᠢᠪᠠᠯ᠂ 20 ᠲᠦᠮᠡᠨ | ᠲᠥᠭᠦᠷᠢᠭ ᠠᠴᠠ ᠳᠡᠭᠡᠭᠰᠢ 200 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠰᠢᠢᠳᠬᠡᠯ | ᠣᠯᠭᠤᠨ᠎ᠠ︔ ᠬᠡᠷᠪᠡ ᠵᠠᠯᠠᠷᠠᠭᠤᠯᠬᠤ ᠶᠢ ᠲᠠᠲᠠᠭᠠᠯᠵᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠭᠦᠯᠦᠨ ᠵᠠᠰᠠᠭᠤᠯᠤᠨ᠎ᠠ ᠭᠡᠵᠤ ᠦᠪᠤᠷ ᠮᠤᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ | ᠲᠣᠳᠣᠷᠬᠠᠶ ᠲᠣᠭᠲᠠᠭᠠᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠢᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ ᠬᠢᠨᠠᠯᠲᠠ ᠬᠠᠮᠢᠶᠠᠷᠤᠯᠲᠠ ᠶᠢᠨ ᠨᠢᠭᠡᠴᠡ | ᠶᠢᠨ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠬᠦ ᠪᠣᠯᠤᠨ᠎ᠠ᠃ | |