ᠪᠤᠬᠢᠷᠳᠤᠯ ᠦᠬᠡᠢ ᠠᠭᠤᠷᠬᠠᠢ ᠶᠢᠨ ᠤᠷᠤᠨ ᠢ ᠪᠦᠲᠦᠭᠡᠨ ᠪᠠᠶᠢᠭᠤᠯᠬᠤ ᠪᠠᠷ ᠮᠠᠨ ᠤ ᠠᠶᠢᠮᠠᠭ ᠠᠭᠤᠷᠬᠠᠢ ᠶᠢᠨ ᠤᠷᠤᠨ ᠤ 175.7 ᠬᠠᠪᠳᠠᠭᠠᠢ ᠲᠦᠷᠪᠡᠯᠵᠢᠨ ᠺᠢᠯᠤᠮᠧᠲᠷ ᠳᠠᠯᠠᠪᠠᠢ ᠪᠦᠬᠦᠢ ᠭᠠᠵᠠᠷ ᠢ ᠵᠠᠰᠠᠪᠠ
ᠨᠡᠶᠢᠲᠡᠯᠡᠭᠰᠡᠨ ᠴᠠᠭ᠄
2021/1/20
    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠠᠶᠢᠮᠠᠭ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠤᠬᠢᠷᠳᠤᠯ ᠦᠬᠡᠢ ᠬᠦᠭᠵᠢᠯᠲᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠦ᠂ ᠠᠭᠤᠷᠬᠠᠢ ᠎ ᠶᠢᠨ ᠤᠷᠤᠨ ᠤ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠲᠦᠷᠭᠡᠳᠭᠡᠨ ᠠᠬᠢᠭᠤᠯᠵᠦ᠂ ᠪᠤᠬᠢᠷᠳᠤᠯ ᠦᠬᠡᠢ ᠠᠭᠤᠷᠬᠠᠢ ᠶᠢᠨ ᠤᠷᠤᠨ᠂ ᠪᠤᠬᠢᠷᠳᠤᠯ ᠦᠬᠡᠢ ᠠᠵᠦ ᠠᠬᠤᠢᠢᠯᠠᠯ ᠢ ᠡᠬᠦᠳᠦᠨ ᠪᠠᠶᠢᠭᠤᠯᠵᠦ᠂ ᠪᠤᠬᠢᠷᠳᠤᠯ ᠦᠬᠡᠢ ᠬᠦᠭᠵᠢᠯᠲᠠ ᠶᠢ ᠠᠬᠢᠭᠤᠯᠬᠤ ᠲᠠᠯ᠎ᠠ ᠪᠠᠷ ᠤᠯᠠᠨ ᠰᠢᠪᠲᠤᠯᠤᠯᠲᠠ ᠲᠠᠢ ᠪᠤᠯᠵᠦ᠂ ᠠᠭᠤᠷᠬᠠᠢ ᠶᠢᠨ ᠠᠵᠦ ᠠᠬᠤᠢᠢᠯᠠᠯ ᠤᠨ ᠪᠤᠬᠢᠷᠳᠤᠯ ᠦᠬᠡᠢ ᠬᠦᠭᠵᠢᠯᠲᠠ ᠶᠢᠨ ᠵᠠᠮ ᠢ ᠢᠳᠡᠪᠬᠢᠲᠠᠢ ᠰᠦᠪᠡᠭᠴᠢᠯᠠᠵᠠᠢ᠃         ᠰᠤᠷᠪᠤᠯᠵᠢᠯᠠᠭᠴᠢ ᠤᠢᠢᠷ᠎ᠠ ᠳᠤ ᠥᠪᠥᠷ ᠮᠤᠩᠭᠤᠯ ᠤᠨ ᠪᠠᠶᠠᠨᠬᠤᠸᠠ ᠶᠢᠨ ᠬᠠᠢ ᠵᠸᠤ ᠵᠠᠳᠠᠭᠠᠢ ᠨᠡᠬᠦᠷᠡᠰᠦᠨ ᠠᠭᠤᠷᠬᠠᠢ ᠶᠢᠨ ᠬᠢᠵᠠᠭᠠᠷᠲᠤ ᠺᠤᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠠᠭᠤᠷᠬᠠᠢ  ᠶᠢᠨ ᠬᠤᠳᠳᠤᠭ  ᠤᠨ ᠤᠰᠤ ᠶᠢ ᠴᠡᠪᠡᠷᠰᠢᠬᠦᠯᠦᠨ ᠠᠰᠢᠭᠯᠠᠬᠤ ᠪᠦᠬᠦ ᠶᠠᠪᠤᠴᠠ ᠶᠢ ᠨᠠᠷᠢᠨ ᠤᠢᠢᠯᠠᠭᠠᠯ᠎ᠠ᠃  ᠣᠶᠢᠯᠠᠭᠠᠭᠰᠠᠨ ᠢᠶᠠᠷ᠂ ᠲᠤᠰ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠦᠢᠯᠡᠳᠪᠦᠷᠢ ᠶᠢ 800 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠤᠨ ᠪᠠᠶᠢᠭᠤᠯᠵᠦ᠂ 2019 ᠤᠨ ᠤ 9 ᠰᠠᠷ᠎ᠠ ᠳᠤ ᠠᠰᠢᠭᠯᠠᠯᠳᠠ ᠳᠤ ᠤᠷᠤᠭᠤᠯᠵᠠᠢ᠃ ᠲᠡᠳᠡᠨ ᠤ ᠤᠰᠤ ᠎ ᠶᠢ ᠰᠢᠢᠳᠪᠦᠷᠢᠯᠡᠵᠦ ᠴᠡᠪᠡᠷᠰᠢᠬᠦᠯᠬᠦ ᠮᠡᠷᠭᠡᠵᠢᠯ ᠨᠢ ᠤᠯᠤᠰ ᠤᠨ ᠲᠡᠷᠢᠬᠦᠨ  ᠤ ᠲᠦᠪᠰᠢᠨ ᠳᠤ ᠭᠦᠷᠴᠦ᠂ ᠴᠡᠪᠡᠷᠰᠢᠬᠦᠯᠦᠭᠰᠡᠨ ᠤ ᠲᠠᠷᠠᠭᠠᠬᠢ ᠤᠰᠤ ᠎ ᠪᠠᠷ ᠠᠭᠤᠷᠬᠠᠢ ᠶᠢᠨ ᠤᠷᠤᠨ ᠤ ᠦᠢᠯᠡᠳᠪᠦᠷᠢᠯᠡᠯ᠂ ᠠᠮᠢᠳᠤᠷᠠᠯ᠂ ᠭᠠᠯ ᠢ ᠰᠡᠷᠭᠡᠶᠢᠯᠡᠬᠦ ᠬᠡᠷᠡᠭᠴᠡᠭᠡ ᠶᠢ ᠬᠠᠩᠭᠠᠵᠦ᠂ ᠦᠯᠡᠳᠡᠭᠰᠡᠨ  ᠢ ᠎ ᠨᠢ ᠎ ᠶᠢᠨ ᠱᠠᠨ ᠴᠠᠬᠢᠯᠭᠠᠨ ᠦᠢᠯᠡᠳᠪᠦᠷᠢ ᠶᠢᠨ ᠴᠠᠭᠢᠯᠭᠠᠨ ᠭᠠᠷᠭᠠᠬᠤ ᠳᠤ ᠭᠡᠷᠡᠭᠯᠡᠵᠦ ᠪᠠᠶᠢᠳᠠᠭ᠃     ᠥᠪᠥᠷ ᠮᠤᠩᠭᠤᠯ ᠤᠨ ᠪᠠᠶᠠᠨᠬᠤᠸᠠ ᠶᠢᠨ ᠬᠠᠢ ᠵᠸᠤ ᠵᠠᠳᠠᠭᠠᠢ ᠨᠡᠬᠦᠷᠡᠰᠦᠨ ᠠᠭᠤᠷᠬᠠᠢ ᠶᠢᠨ ᠬᠢᠵᠠᠭᠠᠷᠲᠤ ᠺᠤᠮᠫᠠᠨᠢ ᠨᠢ 2006 ᠤᠨ ᠳᠤ ᠪᠠᠶᠢᠭᠤᠯᠤᠭᠳᠠᠬᠰᠠᠨ ᠠᠴᠠ ᠨᠠᠭᠠᠰᠢ᠂ ᠵᠢᠯ ᠪᠤᠯᠭᠠᠨ ᠶᠡᠭᠡ ᠬᠡᠮᠵᠢᠶᠡᠨ ᠤ ᠪᠡᠯᠡ ᠵᠠᠷᠤᠴᠠᠭᠤᠯᠤᠨ ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢ ᠦᠷᠨᠢᠬᠦᠯᠵᠦ᠂ ᠠᠮᠢ ᠠᠬᠤᠢ ᠤᠷᠴᠢᠨ ᠲᠤᠭᠤᠷᠢᠨ ᠤ ᠰᠡᠷᠬᠦᠭᠡᠯᠳᠡ ᠵᠠᠰᠠᠯᠳᠠ ᠶᠢ ᠪᠦᠲᠦᠮᠵᠢᠲᠠᠢ ᠠᠬᠢᠭᠤᠯᠤᠭᠰᠠᠨ ᠢᠶᠠᠷ ᠠᠭᠤᠷᠬᠠᠢ ᠶᠢᠨ ᠤᠷᠤᠨ ᠤ ᠦᠷᠬᠦᠯᠵᠢᠯᠡᠭᠰᠡᠨ ᠬᠦᠭᠵᠢᠯᠲᠠ ᠪᠠ ᠠᠮᠢ ᠠᠬᠤᠢ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢᠨ ᠵᠢᠱᠢᠭᠰᠡᠨ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠦᠭᠰᠡᠨ ᠪᠠᠶᠢᠨ᠎ᠠ᠃ ᠦᠩᠬᠡᠷᠡᠬᠦ ᠵᠢᠯ ᠳᠤ᠂ ᠲᠤᠰ ᠠᠵᠦ ᠠᠬᠤᠢᠢᠯᠠᠯ ᠨᠢ ᠠᠮᠢ ᠠᠬᠤᠢ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠳᠤ 7230 ᠲᠦᠮᠡᠨ ᠲᠦᠭᠦᠷᠢᠭ ᠵᠠᠷᠤᠴᠠᠭᠤᠯᠵᠦ᠂ ᠤᠯᠤᠰ ᠤᠨ ᠲᠡᠰ ᠤᠨ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠵᠦ ᠪᠤᠢ᠃     ᠤᠳᠤᠬᠠᠨ ᠳᠤ᠂ ᠮᠠᠨ ᠤ ᠠᠶᠢᠮᠠᠭ ᠲᠤ ᠨᠡᠶᠢᠳᠡ 366 ᠠᠭᠤᠷᠬᠠᠢ ᠪᠠᠶᠢᠵᠦ᠂ ᠡᠬᠦᠨ ᠳᠤ ᠵᠠᠳᠠᠭᠠᠢ ᠠᠭᠤᠷᠬᠠᠢ 220 ᠪᠠᠶᠢᠵᠦ᠂ ᠭᠠᠵᠠᠷ ᠲᠤᠤᠷᠠᠬᠢ ᠠᠭᠤᠷᠬᠠᠢ 146 ᠪᠤᠢ᠃ ︽ᠰᠢᠯᠢ ᠶᠢᠨ ᠭᠤᠤᠯ ᠠᠶᠢᠮᠠᠭ ᠤᠨ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠪᠤᠨ ᠵᠢᠯ ᠤᠨ ᠲᠦᠯᠦᠪᠯᠡᠭᠡ ︵2019-2023 ᠤᠨ︶︾ ᠪᠠ ︽ᠰᠢᠯᠢ ᠶᠢᠨ ᠭᠤᠤᠯ ᠠᠶᠢᠮᠠᠭ ᠤᠨ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ︵2018-2035 ᠤᠨ︶︾᠎ ᠶᠢᠨ ᠶᠤᠰᠤᠭᠠᠷ᠂ 2023 ᠤᠨ ᠤ ᠰᠡᠬᠦᠯᠴᠢ ᠪᠤᠯᠳᠠᠯ᠎ᠠ᠂ ᠪᠦᠬᠦ ᠠᠶᠢᠮᠠᠭ ᠤᠨ ᠠᠭᠤᠷᠬᠠᠢ ᠶᠢᠨ ᠤᠷᠤᠨ ᠢ ᠪᠦᠬᠦᠨ ᠢ ᠤᠯᠤᠰ ᠤᠨ ᠲᠡᠰ ᠪᠤᠶᠤ ᠥᠪᠡᠷᠲᠡᠭᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠨ ᠳᠤ ᠬᠦᠷᠭᠡᠬᠦ ᠶᠢ ᠱᠠᠭᠠᠷᠳᠠᠵᠦ᠂ ᠲᠤᠭᠳᠠᠭᠰᠠᠨ ᠬᠤᠭᠤᠴᠠᠭᠠᠨ ᠳᠤ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠠᠷᠢᠮᠵᠢᠶᠠᠨ ᠳᠤ ᠬᠦᠷᠴᠦ ᠴᠢᠳᠠᠬᠤ ᠦᠬᠡᠢ ᠠᠵᠦ ᠠᠬᠤᠢᠢᠯᠠᠯ ᠢ ᠬᠠᠤᠯᠢ ᠶᠤᠰᠤᠭᠠᠷ ᠵᠤᠭᠰᠤᠭᠠᠬᠤ ᠪᠤᠯᠤᠨ᠎ᠠ᠃     2020 ᠤᠨ ᠳᠤ᠂ ᠪᠦᠬᠦ ᠠᠶᠢᠮᠠᠭ ᠤᠨ 220 ᠵᠠᠳᠠᠭᠠᠢ ᠠᠭᠤᠷᠬᠠᠢ ᠨᠡᠶᠢᠳᠡ 12.23 ᠳ᠋ᠦᠩᠰᠢᠭᠤᠷ ᠲᠦᠭᠦᠷᠢᠭ ᠤᠨ ᠶᠡᠷᠦᠩᠬᠡᠶᠢᠯᠡᠨ ᠵᠠᠰᠠᠬᠤ ᠰᠠᠭᠤᠷᠢ ᠮᠦᠩᠬᠦ ᠲᠤᠰᠢᠶᠠᠵᠦ᠂ 11.34 ᠳ᠋ᠦᠩᠰᠢᠭᠤᠷ ᠲᠦᠭᠦᠷᠢᠭ ᠢ ᠶᠡᠷᠦᠩᠬᠡᠶᠢᠯᠡᠨ ᠵᠠᠰᠠᠯᠳᠠ ᠳᠤ ᠬᠡᠷᠡᠭᠯᠡᠵᠦ᠂ ᠵᠠᠰᠠᠯᠳᠠ ᠶᠢᠨ ᠲᠠᠯᠠᠪᠠᠢ ᠨᠢ 58.36 ᠬᠠᠪᠳᠠᠭᠠᠢ ᠲᠦᠷᠪᠡᠯᠵᠢᠨ  ᠺᠢᠯᠤᠮᠧᠲᠷ ᠬᠦᠷᠴᠦ᠂ ᠪᠦᠬᠦ ᠤᠷᠤᠨ ᠳᠤ ᠲᠦᠷᠦᠭᠦᠯᠡᠭᠰᠡᠨ ᠪᠠᠶᠢᠨ᠎ᠠ᠃ 2016 ᠤᠨ ᠠᠴᠠ ᠨᠠᠭᠠᠰᠢ᠂ ᠪᠦᠬᠦ ᠠᠶᠢᠮᠠᠭ ᠤᠨ ᠠᠭᠤᠷᠬᠠᠢ ᠶᠢᠨ ᠤᠷᠤᠨ ᠤ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠤ ᠵᠠᠰᠠᠯᠳᠠ ᠳᠤ ᠨᠡᠶᠢᠳᠡ 175.7 ᠬᠠᠪᠳᠠᠭᠠᠢ ᠲᠦᠷᠪᠡᠯᠵᠢᠨ  ᠺᠢᠯᠤᠮᠧᠲᠷ ᠳᠠᠯᠠᠪᠠᠢ ᠶᠢ ᠪᠡᠶᠡᠯᠡᠬᠦᠯᠵᠦ᠂ ︽ᠠᠷᠪᠠᠨ   ᠬᠤᠶᠠᠳᠤᠭᠠᠷ  ᠲᠠᠪᠤᠨ ᠵᠢᠯ︾᠎ ᠤᠨ ᠬᠤᠭᠤᠴᠠᠭᠠᠨ ᠤ ᠬᠢ ᠲᠠᠢ ᠬᠠᠷᠢᠴᠠᠭᠤᠯᠪᠠᠯ 81%᠎ ᠪᠠᠷ ᠲᠡᠭᠡᠭᠰᠢᠯᠡᠵᠦ᠂ ᠠᠭᠤᠷᠬᠠᠢ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠬᠤ ᠬᠠᠨᠳᠤᠰᠢ ᠲᠠᠢ ᠪᠤᠯᠵᠠᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号