2020 ᠣᠨ ᠳᠤ ᠪᠥᠬᠦ ᠠᠶᠢᠮᠠᠭ ᠤᠨ ᠠᠵᠤ ᠠᠬᠤᠶ ᠳᠤ ︽ᠬᠤᠤᠰ ᠠᠮᠵᠢᠯᠲᠠ ᠤᠯᠬᠤ︾᠎ ᠶᠢ ᠦᠨᠳᠦᠰᠦᠨ ᠳᠡᠭᠡᠨ ᠪᠡᠶᠡᠯᠡᠭᠦᠯᠪᠠ
ᠨᠡᠶᠢᠲᠡᠯᠡᠭᠰᠡᠨ ᠴᠠᠭ᠄
2021/1/22
    2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠦᠢᠯ ᠤᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠳᠠᠯ ᠤᠨ ᠡᠮᠦᠨ᠎ᠡ᠂ ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠳᠠ ᠳᠤ᠂ ᠪᠦᠬᠦ ᠠᠶᠢᠮᠠᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ  ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠤᠪᠵᠢᠭᠦᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ ᠪᠡᠶᠢᠭᠠᠳ᠂ ︽ᠨᠡᠮᠡᠯᠲᠡ  ᠠᠵᠢᠯ︾᠎ ᠎ ᠢ ᠰᠠᠶᠢᠲᠤᠷ  ᠬᠢᠵᠤ᠂ ︽ᠵᠠᠪᠠᠯ ᠪᠡᠶᠡᠯᠡᠭᠦᠯᠬᠦ ᠠᠵᠢᠯ︾᠎ ᠢ ᠴᠢᠷᠮᠠᠶᠢᠨ ᠪᠡᠶᠡᠯᠡᠭᠦᠯᠵᠤ᠂ ᠮᠠᠰᠢ  ᠬᠢᠯᠪᠡᠷ ᠪᠤᠰᠤ᠂ ᠪᠠᠰᠠ ᠴᠤ ᠬᠦᠮᠤᠰ ᠢ ᠵᠣᠷᠢᠭᠵᠢᠭᠤᠯᠤᠮ᠎ᠠ ᠨᠢᠭᠡ ᠬᠤᠪᠢ ︽ᠬᠢᠷᠢ ᠪᠦᠲᠦᠮᠵᠢ ᠶᠢᠨ ᠬᠠᠭᠤᠳᠠᠰᠤ︾  ᠎ ᠪᠠᠨ ᠲᠤᠰᠢᠶᠠᠪᠠ᠃     ᠨᠠᠮ ᠤᠨ ᠲᠥᠪ ᠬᠤᠷᠢᠶ᠎ᠠ ᠠᠴᠠ ᠣᠷᠣᠨ ᠱᠠᠲᠤ ᠬᠤᠪᠢᠶᠠᠨ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠢᠭᠠᠪᠤᠷᠢ ᠪᠠᠭᠤᠯᠭᠠᠭᠰᠠᠨ ᠳᠠᠷᠠᠭ᠎ᠠ᠂ ᠮᠠᠨ ᠤ ᠠᠶᠢᠮᠠᠭ ᠴᠠᠭ ᠲᠣᠬᠢᠶᠠᠯ ᠢ ᠠᠯᠳᠠᠯ ᠥᠬᠡᠶ ᠪᠠᠷ ᠠᠵᠢᠯ ᠦᠢᠯᠡᠳᠪᠤᠷᠢᠯᠡᠯ ᠢᠶᠠᠨ ᠰᠡᠷᠭᠦᠭᠡᠵᠤ ᠡᠬᠢᠯᠡᠭᠦᠯᠬᠦ ᠶᠢ ᠠᠬᠢᠭᠤᠯᠵᠤ᠂ ᠪᠥᠬᠦ ᠣᠷᠣᠨ ᠳᠤ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠩ ᠲᠡᠷᠢᠭᠦᠨ ᠳᠤ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ 1 ᠰᠠᠷ᠎ᠠ ᠰᠢᠬᠠᠮ ᠤᠨ ᠬᠤᠭᠤᠴᠠᠭᠠᠨ ᠳᠤ ᠪᠦᠬᠦᠨ ᠢ ᠭᠦᠢᠴᠠᠳᠭᠡᠵᠤ ᠳᠠᠭᠤᠰᠬᠠᠪᠠ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ 100 ᠲᠥᠷᠥᠯ ᠵᠦᠢᠯ ᠢᠶᠠᠨ ᠨᠠᠷᠢᠨ ᠰᠠᠶᠢᠬᠠᠨ ᠶᠠᠪᠤᠭᠤᠯᠵᠤ᠂ ᠠᠩᠬᠠᠨ ᠤ ᠪᠦᠷᠢᠳᠭᠡᠯ ᠳᠤ ᠲᠦᠷᠤᠯ ᠵᠦᠢᠯ ᠤᠨ ᠨᠠᠶᠢᠳᠠᠪᠤᠷᠢᠵᠢᠭᠤᠯᠤᠭᠰᠠᠨ ᠪᠡᠯᠨ ᠮᠦᠩᠭᠦ 189 ᠳ᠋ᠦᠩᠰᠢᠭᠤᠷ ᠲᠥᠭᠦᠷᠢᠭ ᠪᠤᠯᠵᠤ᠂  ᠨᠡᠮᠡᠭᠳᠡᠯ ᠤᠨ ᠬᠤᠷᠳᠤᠴᠠ ᠨᠢ 95.3 %  ᠪᠤᠯᠵᠤ᠂ ᠪᠦᠬᠦ ᠣᠷᠣᠨ ᠳᠤ ᠲᠤᠰ ᠲᠤᠰ ᠭᠤᠷᠪᠠᠳᠤᠭᠠᠷ ᠪᠠ ᠬᠤᠶᠠᠳᠤᠭᠠᠷ ᠲᠤ ᠣᠷᠣᠪᠠ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠬᠢᠨᠠᠮᠠᠭᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠠᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠤᠬᠠᠭᠤᠯᠤᠨ ᠪᠣᠳᠠᠲᠠᠶᠢᠵᠢᠭᠤᠯᠵᠤ᠂ ᠪᠥᠬᠦ ᠵᠢᠯ ᠳᠤ ᠰᠢᠨ᠎ᠠ ᠪᠠᠷ 10 ᠳ᠋ᠦᠩᠰᠢᠭᠤᠷ ᠲᠥᠭᠦᠷᠢᠭ ᠠᠴᠠ ᠳᠡᠭᠡᠭᠰᠢ ᠭᠠᠶᠢᠯᠢ ᠬᠥᠩᠭᠡᠯᠡᠵᠦ ᠰᠦᠢᠳᠭᠡᠯ  ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠳᠤ ᠨᠡᠶᠢᠲᠡ 124.5 ᠳ᠋ᠦᠩᠰᠢᠭᠤᠷ ᠲᠥᠭᠦᠷᠢᠭ ᠤᠨ ᠵᠢᠭᠡᠯᠡᠯᠭᠡ  ᠪᠠᠭᠤᠯᠭᠠᠵᠤ᠂ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠳᠤᠮᠳᠠᠴᠢ ᠪᠠᠷ 1.4 ᠵᠠᠭᠤᠨ ᠤ ᠬᠤᠪᠢ ᠪᠠᠷ ᠪᠠᠭᠤᠷᠠᠭᠤᠯᠪᠠ᠃ ᠪᠦᠬᠦ ᠣᠷᠣᠨ ᠤ ᠵᠠᠭᠤᠨ ᠬᠦᠴᠦᠷᠬᠡᠭ ᠠᠷᠠᠳ ᠎ ᠠᠴᠠ ᠡᠵᠡᠩᠨᠡᠭᠰᠠᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠳᠤ᠂  ᠮᠠᠨ ᠤ ᠠᠶᠢᠮᠠᠭ ᠤᠨ 3 ᠠᠵᠤ ᠠᠬᠤᠶᠢᠯᠠᠯ ᠵᠢᠭᠰᠠᠭᠠᠭᠳᠠᠪᠠ᠃ ᠮᠠᠨ ᠤ ᠠᠶᠢᠮᠠᠭ ᠪᠣᠯ ᠪᠦᠬᠦ ᠣᠷᠣᠨ ᠤ ᠠᠵᠤ ᠠᠬᠤᠶ ᠶᠢᠨ  ᠠᠯᠳᠠᠭᠳᠠᠯ ᠲᠠᠢ ᠪᠡᠶᠢᠭ᠌ᠰᠠᠨ ᠠᠴᠠ ᠪᠠᠨ ᠨᠡᠮᠡᠭᠳᠡᠯ ᠲᠠᠢ ᠪᠤᠯᠭᠠᠨ ᠭᠤᠪᠢᠷᠠᠭᠤᠯᠤᠭᠰᠠᠨ ᠭᠤᠷᠪᠠᠨ ᠠᠶᠢᠮᠠᠭ ᠬᠤᠲᠠ ᠶᠢᠨ ᠨᠢᠭᠡ ᠨᠢ ᠪᠤᠯᠵᠤ᠂ ᠵᠢᠱᠢᠯᠲᠡ ᠪᠠᠷ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 3.5 %᠎ ᠪᠠᠷ ᠨᠡᠮᠡᠭᠳᠡᠵᠦ᠂ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠬᠤ ᠪᠤᠯᠤᠨ᠎ᠠ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.3 %᠎ ᠪᠠᠷ ᠨᠡᠮᠡᠭᠳᠡᠵᠦ᠂ ᠪᠦᠬᠦ ᠣᠷᠣᠨ ᠤ ᠲᠡᠷᠢᠭᠦᠨ ᠪᠠᠶᠢᠷᠢᠨ ᠳᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠥᠷᠲᠡᠭ 14.2 %  ᠎ ᠢᠶᠠᠷ ᠨᠡᠮᠡᠭᠳᠡᠵᠦ᠂ ᠪᠥᠬᠦ ᠣᠷᠣᠨ ᠤ ᠬᠤᠶᠠᠳᠤᠭᠠᠷ ᠪᠠᠶᠢᠷᠢᠨ ᠳᠤ ᠣᠷᠣᠪᠠ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠪᠠ ᠵᠠᠷᠤᠯᠭ᠎ᠠ ᠲᠣᠰ ᠲᠣᠰ 15.5 % ᠪᠠ 9 %  ᠎ ᠪᠠᠷ ᠨᠡᠮᠡᠭᠳᠡᠵᠦ᠂ ᠪᠥᠬᠦ ᠣᠷᠣᠨ ᠤ  ᠭᠤᠷᠪᠠᠳᠤᠭᠠᠷ ᠪᠠᠶᠢᠷᠢᠨ ᠳᠤ ᠣᠷᠣᠪᠠ᠃ ︽ᠠᠷᠪᠠᠨ ᠭᠤᠷᠪᠠᠳᠤᠭᠠᠷ ᠲᠠᠪᠤᠨ︾᠎  ᠵᠢᠯ ᠤᠨ ᠲᠥᠯᠥᠪᠵᠢᠭᠦᠯᠭᠡ ᠶᠢᠨ ᠬᠦᠢᠴᠠᠳᠭᠡᠯ ᠲᠤᠭ᠎ᠠ ᠪᠠᠨ 90 %᠎ ᠎ ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠠᠬᠢᠴᠠ ᠶᠢ 98 %᠎ ᠳᠤ ᠬᠦᠷᠦᠭᠦᠯᠵᠦ᠂ ︽ᠬᠤᠤᠰ ᠠᠮᠵᠢᠯᠲᠠ ᠤᠯᠬᠤ︾᠎ ᠶᠢ   ᠲᠤᠭᠲᠠᠭᠰᠠᠨ ᠬᠤᠭᠤᠴᠠᠭᠠᠨ ᠳᠤᠨᠢ ᠪᠡᠶᠡᠯᠡᠭᠦᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号