ᠮᠠᠨ ᠤ ᠠᠶᠢᠮᠠᠭ ᠦᠩᠭᠡᠷᠡᠬᠦ ᠵᠢᠯ ᠠᠳᠠᠯ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ 24158 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2021/1/25
    ᠠᠳᠠᠯ ᠦᠢᠯᠡᠰ ᠴᠣᠭᠴᠠᠯᠠᠬᠤ ᠶᠢ ᠲᠡᠮᠵᠢᠬᠦ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠶᠢᠨ ᠲᠣᠰᠠᠳᠠ᠂ 2020 ᠣᠨ ᠳᠤ ᠮᠠᠨ ᠤ ᠠᠶᠢᠮᠠᠭ ᠣᠯᠠᠨ ᠠᠷᠭ᠎ᠠ  ᠠᠪᠴᠠᠯ ᠠᠪᠴᠤ ᠠᠳᠠᠯ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠶᠢᠨ ᠠᠵᠢᠯ ᠢ ᠠᠬᠢᠭᠤᠯᠵᠤ᠂ ᠪᠥᠬᠦ ᠵᠢᠯ ᠳᠤ ᠨᠡᠶᠢᠲᠡ 1532 ᠡᠷᠦᠬᠡ ᠠᠳᠠᠯ ᠦᠢᠯᠡᠰ ᠴᠣᠭᠴᠠᠯᠠᠭᠴᠢ ᠳᠤ 24158 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠲᠠᠷᠬᠠᠭᠠᠵᠣ᠂ 5021 ᠬᠥᠮᠦᠨ ᠳᠤ ᠰᠢᠭᠤᠳ ᠪᠤᠶᠤ ᠳᠠᠮ ᠢᠶᠠᠷ ᠠᠵᠢᠯ ᠣᠯᠭᠤᠵᠠᠢ᠃     ᠠᠶᠢᠮᠠᠭ  ᠤᠨ ᠬᠥᠳᠡᠯᠮᠦᠷᠢ ᠠᠵᠢᠯ ᠣᠯᠭᠤᠯᠲᠠ  ᠶᠢᠨ ᠦᠢᠯᠡᠴᠢᠯᠡᠭᠡᠨ ᠤ ᠲᠣᠪᠴᠢᠶ᠎ᠠ ᠨᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠠᠶᠢᠳᠣᠷ ᠥᠷᠨᠢᠭᠦᠯᠬᠦ︾ ᠬᠤᠶᠠᠷ ᠢ ᠥᠯᠥ ᠰᠠᠭᠠᠲᠠᠭᠠᠬᠤ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠡᠷᠡᠮᠡᠯᠵᠡᠯᠡᠬᠦ᠂ ᠰᠦᠯᠵᠢᠶᠡᠨ ᠭᠠᠳᠠᠨ᠎ᠠ ᠴᠠᠭ ᠬᠤᠭᠤᠴᠠᠭ᠎ᠠ ᠬᠤᠪᠢᠶᠠᠬᠤ᠂ ᠬᠥᠮᠦᠨ ᠤᠳᠠᠭ᠎ᠠ ᠬᠤᠪᠢᠶᠠᠨ ᠮᠠᠲ᠋ᠧᠷᠢᠶᠠᠯ ᠢ ᠬᠢᠨᠠᠨ ᠬᠠᠷᠭᠤᠭᠤᠯᠬᠤ ᠠᠷᠭ᠎ᠠ ᠠᠪᠴᠠᠯ ᠠᠪᠴᠤ᠂ ᠠᠳᠠᠯ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠶᠢᠨ ᠠᠵᠢᠯ  ᠢ ᠡᠮᠬᠢ ᠵᠢᠷᠤᠮ ᠲᠠᠢ ᠠᠬᠢᠭᠤᠯᠣᠭᠰᠠᠨ ᠪᠠᠶᠢᠨ᠎ᠠ᠃ ︽ᠳᠠᠰᠣᠯᠳᠠᠭᠤᠯᠣᠯ ᠥᠬᠡᠶ ᠡᠷᠡᠮᠡᠯᠵᠡᠯᠡᠨ ᠮᠡᠳᠡᠭᠦᠯᠬᠦ᠂ ᠣᠳᠠᠭ᠎ᠠ ᠳᠠᠷᠠᠭᠠᠯᠠᠨ ᠵᠢᠭᠡᠯᠡᠯᠭᠡ ᠲᠠᠯᠪᠢᠬᠤ︾ ᠠᠷᠭ᠎ᠠ ᠪᠠᠷ ᠵᠢᠭᠡᠯᠡᠯᠭᠡ ᠠᠪᠬᠤ ᠨᠥᠬᠦᠴᠡᠯ ᠳᠤ ᠨᠡᠶᠢᠴᠡᠭᠰᠡᠨ ᠠᠳᠠᠯ ᠦᠢᠯᠡᠰ ᠴᠣᠭᠴᠠᠯᠠᠭᠴᠢ ᠪᠠ ᠪᠠᠭ᠎ᠠ ᠵᠢᠵᠢᠭ ᠠᠵᠤ ᠠᠬᠤᠶᠢᠯᠠᠯ ᠳᠤ ᠣᠯᠭᠤᠪᠠᠰᠤ ᠵᠣᠬᠢᠬᠤ ᠪᠦᠬᠦᠨ ᠳᠤ ᠵᠢᠭᠡᠯᠡᠯᠭᠡ ᠣᠯᠭᠤᠵᠠᠢ᠃ 2020 ᠣᠨ ᠳᠤ᠂ ᠪᠥᠬᠦ ᠠᠶᠢᠮᠠᠭ ᠨᠡᠶᠢᠲᠡ 30 ᠪᠦᠯᠦᠭ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠲᠠᠯᠪᠢᠵᠤ᠂ ᠦᠢᠯᠡᠰ ᠴᠣᠭᠴᠠᠯᠠᠭᠴᠢ ᠳᠤ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠪᠠ᠃ ᠵᠢᠭᠡᠯᠡᠯᠭᠡ ᠶᠢ ᠳᠡᠮᠵᠢᠬᠦ ᠪᠦᠯᠦᠭᠯᠡᠯ ᠢ ᠨᠡᠮᠡᠭᠳᠡᠭᠦᠯᠵᠦ᠂ ᠦᠢᠯᠡᠳᠪᠦᠷᠢ ᠬᠤᠳᠠᠯᠳᠣᠭᠠᠨ ᠤ ᠬᠤᠪᠢ  ᠶᠢᠨ ᠡᠵᠡᠩᠨᠡᠯᠳᠡ ᠶᠢᠨ ᠡᠷᠦᠬᠡ᠂ ᠪᠠᠳᠣᠯᠠᠭᠠᠳᠣ ᠵᠢᠭᠡᠯᠡᠯᠭᠡ  ᠪᠠᠷ ᠬᠤᠳᠠᠯᠳᠣᠨ ᠠᠪᠣᠭᠰᠠᠨ ᠲᠡᠷᠭᠡ ᠶᠢ ᠲᠦᠷᠢᠶᠡᠰᠦᠨ ᠡᠵᠡᠩᠨᠡᠯᠳᠡ ᠬᠢᠵᠣ ᠪᠠᠶᠢᠭ᠎ᠠ ᠬᠤᠪᠢ ᠬᠥᠮᠦᠨ᠂ ᠰᠦᠯᠵᠢᠶ᠎ᠡ ᠪᠠᠷ ᠪᠣᠯᠵᠣᠬᠤ ᠲᠠᠪᠴᠠᠩ ᠳᠤ ᠣᠷᠣᠭᠰᠠᠨ ᠲᠤᠰᠬᠠᠶ ᠵᠢᠯᠣᠭᠤᠴᠢ ᠳᠤ ᠲᠣᠰᠬᠠᠶᠢᠯᠠᠨ ᠬᠡᠷᠡᠭᠯᠡᠭᠦᠯᠵᠣ᠂ ᠨᠥᠬᠦᠴᠡᠯ ᠳᠤ ᠨᠡᠶᠢᠴᠡᠬᠦ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠠᠵᠤ ᠠᠬᠤᠶᠢᠯᠠᠯ ᠪᠤᠶᠤ ᠲᠡᠭᠦᠨ ᠤ ᠬᠤᠪᠢᠶᠠᠷᠢ ᠺᠣᠮᠫᠠᠨᠢ ᠵᠢᠴᠢ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠶᠢᠨ ᠬᠦᠤ ᠮᠦᠩᠭᠦ ᠶᠢ ᠣᠷᠣᠯᠠᠨ ᠪᠣᠴᠠᠭᠠᠬᠤ ᠲᠥᠷᠥ  ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠪᠥᠭᠡᠳ ᠵᠢᠭᠡᠯᠡᠯᠭᠡ ᠪᠠᠨ ᠴᠠᠭ ᠲᠤᠬᠠᠶ ᠳᠤᠨᠢ ᠪᠤᠴᠠᠭᠠᠵᠤ ᠳᠠᠭᠤᠰᠬᠠᠭᠰᠠᠨ ᠬᠤᠪᠢ ᠬᠥᠮᠦᠨ ᠢ ᠭᠤᠣᠯᠳᠠᠯᠭ᠎ᠠ ᠲᠠᠢ ᠳᠡᠮᠵᠢᠬᠦ ᠬᠡᠪᠴᠢᠶᠡᠨ ᠳᠤ ᠣᠷᠣᠭᠤᠯᠤᠨ᠎ᠠ᠃  ᠪᠠᠭ᠎ᠠ ᠵᠢᠵᠢᠭ‌ᠠᠵᠤ ᠠᠬᠤᠶᠢᠯᠠᠯ ᠤᠨ ᠵᠢᠭᠡᠯᠡᠯᠭᠡ ᠠᠪᠬᠤ ᠨᠥᠬᠦᠴᠡᠯ ᠢ ᠪᠠᠭᠤᠷᠠᠭᠤᠯᠬᠤ ᠪᠠᠷ ᠳᠠᠮᠵᠢᠭᠤᠯᠤᠨ᠂ ᠬᠤᠪᠢ ᠬᠥᠮᠦᠨ ᠤ ᠵᠢᠭᠡᠯᠡᠯᠭᠡ ᠶᠢᠨ ᠲᠤᠭ᠎ᠠ ᠨᠣᠭᠳᠠᠯ ᠢ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠶᠠᠪᠣᠴᠠ ᠶᠢ ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠪᠠᠳᠣᠯᠠᠭᠠᠳᠣ ᠵᠢᠭᠡᠯᠡᠯᠭᠡ ᠲᠠᠯᠪᠢᠬᠤ ᠬᠦᠴᠦᠯᠡᠴᠡ ᠶᠢ ᠤᠯᠠᠮ ᠨᠢᠭᠡ ᠠᠯᠬᠤᠮ ᠦᠷᠭᠡᠳᠭᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号