ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠭᠦᠢᠴᠡᠳ ᠪᠦᠭᠡᠳ ᠴᠢᠨᠠᠷ ᠰᠠᠶᠢᠲᠠᠶ ᠠᠵᠢᠯ ᠣᠯᠭᠤᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2021/1/26
    ᠣᠶᠢᠯᠠᠭᠠᠭᠰᠠᠨ ᠢᠶᠠᠷ᠂  2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠬᠡᠪᠴᠢᠶ᠎ᠡ  ᠵᠢᠱᠢᠯᠲᠡ ᠪᠠᠷ 14  ᠲᠦᠮᠡᠨ  ᠬᠥᠮᠦᠨ ᠢ ᠳᠠᠪᠠᠵᠤ᠂ ᠲᠤᠯᠭᠠᠷᠠᠵᠤ ᠪᠠᠶᠢᠭ᠎ᠠ ᠠᠵᠢᠯ ᠣᠯᠭᠤᠯᠲᠠ ᠶᠢᠨ ᠪᠠᠶᠢᠳᠠᠯ ᠬᠦᠨᠳᠦ ᠬᠡᠴᠡᠭᠦᠤ ᠪᠠᠶᠢᠵᠤ᠂  ᠮᠠᠨ ᠤ ᠣᠷᠣᠨ ᠪᠠᠰᠠ ᠣᠯᠠᠨ  ᠵᠦᠢᠯ ᠤᠨ ᠠᠷᠭ᠎ᠠ ᠬᠡᠮᠵᠢᠶ᠎ᠡ ᠠᠪᠴᠤ  ᠪᠠᠶᠢᠭᠠᠳ  2021 ᠣᠨ ᠤ ᠶᠡᠭᠡ  ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠪᠠᠷ ᠪᠣᠶ᠃ ᠨᠢᠭᠡ ᠳᠤ᠂ ᠰᠤᠷᠭᠠᠭᠤᠯᠢ  ᠲᠡᠭᠦᠰᠦᠭᠰᠡᠳ ᠲᠤ  ᠣᠯᠠᠨ  ᠠᠷᠭ᠎ᠠ  ᠵᠠᠮ ᠎ ᠢᠶᠠᠷ  ᠠᠵᠢᠯ  ᠣᠯᠭᠤᠬᠤ ᠶᠢ ᠠᠬᠢᠭᠤᠯᠵᠤ᠂ ᠰᠤᠷᠭᠠᠭᠤᠯᠢ ᠲᠡᠭᠦᠰᠦᠭᠰᠡᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠤᠲᠠ ᠬᠥᠳᠡᠭᠡ ᠎ ᠶᠢᠨ ᠦᠨᠳᠦᠰᠦᠨ ᠱᠠᠲᠤᠨ ᠳᠤ ᠠᠵᠢᠯ ᠣᠯᠭᠤᠵᠤ᠂ ᠰᠤᠷᠭᠠᠭᠤᠯᠢ ᠲᠡᠭᠦᠰᠦᠭᠰᠡᠳ ᠎ ᠤᠨ ᠴᠡᠷᠢᠭ ᠎ ᠲᠤ ᠣᠷᠣᠬᠤ  ᠶᠢ ᠳᠠᠶᠢᠴᠢᠯᠠᠨ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ  ᠪᠠᠶᠢᠷᠢ ᠳᠤ ᠠᠵᠢᠯᠳᠠᠨ ᠡᠯᠰᠡᠬᠦ ᠬᠡᠪᠴᠢᠶ᠎ᠡ ᠶᠢ ᠦᠷᠭᠡᠳᠬᠡᠨ᠎ᠡ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ  ᠴᠢᠨᠠᠷᠲᠠᠶ  ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ 2021 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠳᠠᠨ ᠰᠢᠯᠭᠠᠵᠤ ᠡᠯᠰᠡᠬᠦ ᠠᠵᠢᠯ ᠢ  ᠪᠡᠶᠡᠯᠡᠭᠦᠯᠦᠨ᠎ᠡ᠃ ᠭᠤᠷᠪᠠ ᠳᠤ᠂ ᠣᠶᠤᠨᠳᠤ  ᠠᠵᠢᠯ  ᠣᠯᠭᠤᠯᠲᠠ  ᠶᠢᠨ  ᠦᠢᠯᠡᠴᠢᠯᠡᠭᠡᠨ  ᠤ  ᠲᠠᠪᠴᠠᠩ  ᠢ  ᠪᠠᠶᠢᠭᠤᠯᠵᠤ᠂  ᠶᠡᠭᠡ ᠳᠡᠭᠡᠳᠦ ᠰᠤᠷᠭᠠᠭᠤᠯᠢ ᠪᠣᠯᠤᠨ ᠣᠷᠣᠨ ᠨᠤᠲᠤᠭ ᠤᠨ  ᠵᠤᠯᠭᠠᠯᠴᠠᠭᠤᠯᠤᠯᠳᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠠᠴᠠ ᠡᠯᠰᠡᠭᠦ ᠠᠵᠢᠯ ᠤᠨ ᠪᠠᠶᠢᠷᠢ ᠶᠢᠨ ᠨᠡᠮᠡᠭᠳᠡᠬᠦ ᠠᠴᠠ ᠪᠢᠰᠢ ᠬᠠᠰᠤᠭᠳᠠᠬᠤ  ᠦᠭᠡᠢ ᠪᠠᠶᠢᠬᠤ ᠶᠢ ᠪᠠᠳᠣᠯᠠᠨ᠎ᠠ᠃ ᠳᠥᠷᠪᠡ ᠳᠤ᠂ ᠰᠤᠷᠭᠠᠨ ᠬᠥᠮᠦᠵᠢᠯ ᠬᠢᠭᠡᠳ ᠬᠠᠮᠢᠶ᠎ᠠ ᠪᠥᠬᠦᠶ ᠰᠠᠯᠠᠭ᠎ᠠ  ᠮᠥᠴᠢᠷ ᠢ ᠬᠠᠷᠢᠯᠴᠠᠨ ᠬᠤᠯᠪᠣᠯᠳᠤᠭᠤᠯᠵᠤ ᠬᠠᠷᠢᠯᠴᠠᠨ ᠨᠡᠪᠲᠡᠷᠡᠯᠴᠡᠬᠦᠯᠭᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ︽ᠭᠤᠷᠪᠠᠨ ᠬᠢᠴᠢᠶᠡᠯ ᠲᠦᠷᠦᠯ︾᠎ ᠤᠨ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠎ ᠲᠠᠢ ᠵᠣᠯᠭᠠᠭᠤᠯᠵᠤ ᠲᠤᠰᠬᠠᠶ ᠤᠷᠢᠵᠤ ᠡᠯᠰᠡᠬᠦ ᠠᠵᠢᠯᠯᠠᠭ᠎ᠠ ᠎ ᠶᠢ ᠵᠣᠬᠢᠶᠠᠨ  ᠪᠠᠶᠢᠭᠤᠯᠵᠤ᠂ ︽ᠭᠤᠷᠪᠠᠨ ᠬᠢᠴᠢᠶᠡᠯ  ᠲᠦᠷᠦᠯ︾᠎ ᠤᠨ ᠨᠢᠭᠡᠳᠦᠯᠲᠡᠶ ᠨᠠᠶᠢᠷᠠᠭᠤᠯᠤᠭᠰᠠᠨ  ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ  ᠪᠢᠴᠢᠭ ᠤᠨ  ᠰᠤᠷᠭᠠᠨ  ᠬᠥᠮᠦᠵᠢᠯ ᠤᠨ ᠠᠵᠢᠯ ᠢ  ᠴᠢᠩᠭᠠᠳᠬᠠᠬᠤ  ᠶᠠᠪᠤᠳᠠᠯ ᠢ   ᠴᠢᠬᠤᠯᠠ   ᠶᠡᠭᠡ  ᠤᠯᠤᠰ  ᠲᠥᠷᠥ  ᠶᠢᠨ  ᠡᠭᠦᠷᠭᠡ   ᠪᠣᠯᠭᠠᠨ  ᠪᠣᠳᠠᠲᠠᠶ  ᠨᠠᠷᠢᠯᠢᠭ   ᠨᠠᠶᠢᠳᠠᠪᠣᠷᠢᠵᠢᠭᠤᠯᠣᠨ᠎ᠠ᠃ ᠲᠠᠪᠤ ᠳᠤ᠂ ︽ᠤᠮᠠᠷᠠᠲᠤ ᠬᠢᠯᠢ ᠶᠢᠨ  ᠠᠵᠢᠯ  ᠣᠯᠭᠤᠬᠤ  ᠰᠦᠯᠵᠢᠶ᠎ᠡ︾᠎ ᠶᠢᠨ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 2021 ᠣᠨ ᠤ  ᠵᠢᠯ ᠤᠨ  ᠰᠡᠭᠦᠯᠴᠢ ᠠᠴᠠ  ᠡᠮᠦᠨ᠎ᠡ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠠᠯᠪᠤᠷᠢ ᠥᠷᠲᠡᠭᠡ ᠶᠢᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ ᠵᠢᠷᠭᠤᠭ᠎ᠠ ᠳᠤ᠂ ᠵᠢᠯᠣᠭᠤᠳᠤᠨ ᠦᠢᠯᠡᠴᠢᠯᠡᠬᠦ ᠬᠢᠷᠢ  ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠠᠵᠢᠯ  ᠣᠯᠭᠤᠬᠤ  ᠵᠢᠯᠣᠭᠤᠳᠤᠯᠭ᠎ᠠ ᠶᠢᠨ ᠬᠢᠴᠢᠶᠡᠯ ᠤᠨ ᠰᠢᠰᠲ᠋ᠧᠮ ᠬᠢᠭᠡᠳ ᠪᠠᠭᠰᠢ  ᠶᠢᠨ ᠡᠩᠨᠡᠭᠡᠨ  ᠤ ᠪᠠᠶᠢᠭᠤᠯᠤᠯᠲᠠ  ᠶᠢ ᠴᠢᠩᠭᠠᠳᠬᠠᠨ᠎ᠠ᠃  ᠳᠣᠯᠤᠭ᠎ᠠ ᠎ ᠳᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠎ ᠶᠢ  ᠨᠠᠷᠢᠯᠢᠭᠵᠢᠭᠤᠯᠵᠤ᠂ ᠭᠤᠤᠯᠳᠠᠯᠭ᠎ᠠ ᠲᠠᠢ ᠬᠥᠮᠦᠰ ᠢ ᠪᠦᠲᠦᠮᠵᠢᠲᠡᠶ ᠬᠠᠪᠰᠤᠷᠤᠨ ᠲᠡᠳᠬᠦᠬᠦ ᠶᠢ ᠦᠨᠡᠨ ᠬᠦ  ᠪᠠᠳᠣᠯᠠᠨ᠎ᠠ᠃ ᠨᠠᠢᠮᠠ ᠳᠤ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠶᠢᠰᠦ ᠳᠤ᠂ ᠠᠵᠢᠯ ᠣᠯᠭᠤᠬᠤ ᠦᠢᠯᠡᠰ ᠪᠣᠰᠬᠠᠬᠤ ᠠᠵᠢᠯ ᠤᠨ ᠲᠣᠭᠲᠠᠴᠠ ᠶᠢ  ᠪᠦᠷᠢᠨᠰᠢᠭᠦᠯᠵᠦ᠂  ᠤᠳᠤᠷᠢᠳᠬᠤ ᠪᠠᠶᠢᠭᠤᠯᠤᠮᠵᠢ ᠪᠣᠯᠤᠨ ᠵᠣᠬᠢᠴᠠᠭᠤᠯᠬᠤ ᠲᠣᠭᠲᠠᠴᠠ  ᠶᠢ ᠪᠠᠶᠢᠭᠤᠯᠤᠨ᠂ ᠪᠠᠭᠰᠢ ᠰᠤᠷᠤᠭᠴᠢ 1᠄ 500᠎ ᠶᠢᠨ ᠬᠠᠷᠢᠴᠠᠯ ᠢᠶᠠᠷ ᠲᠤᠰᠬᠠᠶ ᠠᠵᠢᠯ ᠤᠨ ᠠᠵᠢᠯᠲᠠᠨ ᠲᠣᠬᠢᠷᠠᠭᠤᠯᠣᠨ᠎ᠠ᠃ ᠠᠷᠪᠠ ᠳᠤ᠂ ᠠᠵᠢᠯ ᠣᠯᠭᠤᠯᠲᠠ ᠶᠢᠨ ᠲᠤᠭ᠎ᠠ ᠪᠦᠷᠢᠳᠬᠡᠯ ᠢ ᠴᠢᠩᠭ᠎ᠠ  ᠵᠢᠷᠤᠮᠵᠢᠭᠤᠯᠵᠤ᠂ ᠲᠡᠭᠦᠰᠬᠦ ᠰᠤᠷᠤᠭᠴᠢᠳ ᠤᠨ ᠭᠦᠢᠴᠡᠳ ᠪᠦᠭᠡᠳ ᠴᠢᠨᠠᠷ ᠰᠠᠶᠢᠲᠠᠶ ᠠᠵᠢᠯ ᠤᠯᠬᠤ ᠶᠢ  ᠠᠬᠢᠭᠤᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号