ᠣᠶᠢᠷ᠎ᠠ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ᠤ 2021 ᠣᠨ ᠤ ᠠᠩᠬᠠᠳᠤᠭᠠᠷ ᠤᠳᠠᠭᠠᠨ | ︵ᠥᠷᠭᠡᠳᠬᠡᠭᠰᠡᠨ︶ ᠤ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠦᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ 2020 ᠣᠨ ᠵᠢᠴᠢ ︽ᠠᠷᠪᠠᠨ ᠭᠤᠷᠪᠠᠳᠤᠭᠠᠷ | ᠲᠠᠪᠤᠨ ᠵᠢᠯ︾ ᠠᠴᠠ ᠨᠠᠭᠠᠰᠢᠬᠢ ᠮᠠᠨ ᠤ ᠠᠶᠢᠮᠠᠭ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ | ᠬᠤᠷᠢᠶᠠᠩᠭᠤᠶᠢᠯᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠡᠨᠡ | ᠵᠢᠯ ᠤᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠭᠰᠠᠨ ᠪᠠᠶᠢᠨ᠎ᠠ᠃ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠨᠡᠶᠢᠭᠡᠮ | ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠵᠠᠮ ᠤᠨ | ᠡᠬᠢᠯᠡᠯᠲᠡ ᠶᠢᠨ ᠵᠢᠯ᠂ ᠮᠦᠨᠴᠦ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠣᠢ | ᠪᠣᠯᠣᠨ᠎ᠠ᠃ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ | ᠲᠠᠢ ᠶᠤᠮ᠃ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠠᠶᠢᠮᠠᠭ ᠤᠨ | ᠠᠵᠤ ᠠᠬᠤᠢ ᠨᠡᠶᠢᠭᠡᠮ ᠤᠨ ᠬᠥᠭᠵᠢᠭᠦᠯᠦᠯᠲᠡ ᠶᠢᠨ ᠬᠤᠭᠤᠴᠠᠭᠠᠨ ᠳᠠᠬᠢ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠣᠯᠠᠨ | ᠨᠡᠶᠢᠲᠡ ᠶᠢᠨ ᠡᠩ ᠤᠨ ᠲᠦᠰᠦᠪ ᠤᠨ ᠣᠷᠤᠯᠭ᠎ᠠ ᠶᠢ ᠠᠳᠠᠯᠢ ᠬᠤᠭᠤᠴᠠᠭᠠᠨ ᠤ ᠠᠴᠠ 6% ᠠᠴᠠ ᠳᠡᠭᠡᠭᠰᠢ | ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠳᠣᠭᠳᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢ 5% ᠠᠴᠠ | ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠬᠦᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ | ᠬᠡᠮᠵᠢᠶ᠎ᠡ ᠶᠢ 5.5% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠦᠨ᠎ᠡ︔ ᠡᠨᠧᠷᠬᠢ ᠶᠢᠨ ᠬᠤᠷᠤᠭᠳᠠᠯ ᠤᠨ ᠨᠡᠮᠡᠭᠳᠡᠯ ᠢ 21 ᠲᠥᠮᠡᠨ ᠳᠣᠨ ᠪᠠᠷᠢᠮᠵᠢᠶᠡᠳᠦ | ᠨᠡᠭᠦᠷᠡᠰᠦᠨ ᠤ ᠳᠣᠲᠤᠷ᠎ᠠ ᠬᠢᠵᠠᠭᠠᠷᠯᠠᠵᠤ᠂ ᠣᠷᠣᠨ ᠨᠤᠲᠤᠭ ᠤᠨ ᠨᠢᠭᠡᠴᠢ ᠦᠢᠯᠡᠳᠪᠦᠷᠢᠯᠡᠯ ᠤᠨ ᠶᠡᠷᠦᠩᠬᠡᠢ | ᠥᠷᠳᠡᠭ ᠲᠠᠬᠢ ᠡᠨᠧᠷᠬᠢ ᠶᠢᠨ ᠬᠤᠷᠤᠭᠳᠠᠯ ᠢ 3% ᠪᠠᠷ ᠪᠠᠭᠤᠷᠠᠭᠤᠯᠤᠨ᠎ᠠ︔ ᠠᠮᠢ ᠠᠬᠤᠢ ᠶᠢᠨ ᠣᠷᠴᠢᠨ | ᠲᠤᠭᠤᠷᠢᠨ ᠤ ᠶᠠᠰᠤ ᠴᠢᠨᠠᠷ ᠢ ᠤᠯᠠᠮ ᠰᠠᠶᠢᠵᠢᠷᠠᠭᠤᠯᠵᠤ᠂ ᠥᠪᠡᠷᠳᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠠᠶᠠᠯᠠᠭᠦᠯᠥᠨᠠ ᠭᠡᠵᠦ | ᠬᠤᠷᠠᠯ ᠠᠴᠠ ᠲᠣᠳᠤᠷᠬᠠᠢ ᠳᠤᠷᠠᠳᠴᠠᠢ᠃ | ᠬᠤᠷᠠᠯ ᠤᠨ ᠵᠣᠷᠢᠭ ᠰᠠᠨᠠᠭ᠎ᠠ ᠶᠢ ᠰᠠᠶᠢᠲᠦᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠰᠢᠨᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠠᠵᠢᠯ ᠢᠶᠠᠨ ᠰᠠᠶᠢᠲᠤᠷ | ᠠᠳᠬᠤᠵᠤ ᠪᠤᠳᠠᠳᠠᠢ ᠠᠵᠢᠯᠯᠠᠨ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ | ᠣᠢ ᠪᠠᠨ ᠤᠭᠲᠤᠵᠤ᠂ ᠨᠡᠶᠢᠭᠡᠮ ᠵᠢᠷᠤᠮᠲᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠᠷ ᠬᠠᠮᠲᠦᠪᠠᠷ ᠴᠢᠷᠮᠠᠶᠢᠶ᠎ᠠ᠃ |