ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠦᠯᠦᠰᠦᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠠᠷᠭ᠎ᠠ ᠬᠡᠮᠵᠢᠶ᠎ᠡ ᠎ ᠶᠢ ᠨᠠᠶᠢᠳᠠᠪᠤᠷᠢᠵᠢᠭᠤᠯᠬᠤ  ᠶᠢ ᠴᠢᠩᠭᠠᠳᠬᠠᠵᠤ ᠬᠦᠯᠦᠰᠦᠨ ᠠᠵᠢᠯᠴᠢᠨ ᠤ ᠬᠥᠯᠥᠰᠥ ᠣᠯᠭᠤᠮᠵᠢ ᠪᠠᠨ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠬᠤ ᠶᠢ ᠨᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/1/5
    ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ     ᠬᠦᠯᠦᠰᠦᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠬᠦᠴᠦ ᠶᠠᠪᠤᠭᠴᠢ ᠲᠠᠷᠢᠶᠠᠴᠢᠨ ᠤ ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠤᠯᠬᠤ ᠶᠢ ᠨᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ     ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ     ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠳᠦᠷᠢᠮ ︵ᠲᠥᠰᠦᠯ︶︾᠎ ᠢ ᠪᠠᠲᠤᠯᠠᠵᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 30᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠦᠯᠦᠰᠦᠨ ᠠᠵᠢᠯᠴᠢᠨ ᠤ ᠴᠠᠯᠢᠩ ᠢ ᠣᠯᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠯᠦᠰᠦᠨ‌ᠠᠵᠢᠯᠴᠢᠨ ᠤ ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠤᠯᠬᠤ ᠶᠢ ᠨᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ︔ ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ︔ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾᠎ ᠢ ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ︔     ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠠᠴᠠ ᠨᠠᠭᠠᠰᠢ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠦᠯᠦᠰᠦᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾᠎ ᠢ ᠲᠤᠭᠤᠰᠢᠯᠠᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠬᠤ ᠶᠢ ᠠᠬᠢᠭᠤᠯᠪᠠ᠃ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠲᠠᠯ᠎ᠠ ᠠᠴᠠ ᠡᠭᠦᠰᠴᠦ᠂  ᠣᠳᠣ ᠶᠠᠭ ᠥᠷᠨᠢᠭᠦᠯᠵᠦ ᠪᠠᠶᠢᠭ᠎ᠠ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠣᠳᠠᠲᠠᠶ ᠰᠠᠶᠢᠲᠤᠷ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠦᠯᠦᠰᠦᠨ ᠠᠵᠢᠯᠴᠢᠨ ᠤ ᠴᠠᠯᠢᠩ ᠢᠶᠠᠨ ᠴᠠᠭ ᠲᠤᠬᠠᠶ ᠳᠤ ᠨᠢ ᠲᠤᠭ᠎ᠠ ᠶᠣᠰᠣᠭᠠᠷ ᠤᠯᠬᠤ ᠶᠢ ᠨᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ᠂ ᠡᠯ᠎ᠡ ᠭᠠᠵᠠᠷ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠬᠦ ᠵᠢᠭᠤᠷᠠᠯᠳᠤᠭᠠᠨ ᠪᠣᠯᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠯᠢᠩ ᠥᠷᠢᠲᠦᠬᠦ ᠬᠦᠨᠳᠦ ᠨᠣᠴᠢᠲᠠᠢ  ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠶ᠋ᠳᠪᠦᠷᠢᠯᠡᠬᠦ ᠲᠤᠰᠬᠠᠶ ᠠᠩᠭᠢ ᠪᠠᠶᠢᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ  ᠰᠢᠢᠳᠪᠦᠷᠢᠯᠡᠬᠦ ᠬᠡᠷᠡᠭᠲᠡᠶ᠃ ᠬᠤᠶᠠᠷ ᠲᠤ ᠡᠯ᠎ᠡ ᠵᠦᠢᠯ ᠤᠨ ᠲᠥᠷᠥᠯ ᠵᠦᠢᠯ ᠤᠨ ᠴᠠᠯᠢᠩ ᠤᠨ ᠥᠷᠢᠲᠦᠯ ᠢ ᠴᠠᠭᠠᠨ ᠰᠠᠷ᠎ᠠ ᠠᠴᠠ ᠡᠮᠦᠨ᠎ᠡ ᠬᠥᠳᠡᠯᠦᠩᠭᠦᠶ ᠪᠠᠷ ᠦᠭᠡᠶᠢᠰᠬᠡᠬᠦ ᠶᠢ ᠰᠢᠮᠳᠠᠭᠤᠯᠵᠤ᠂ ᠵᠠᠰᠠᠭ ᠤᠨ ᠣᠷᠳᠣᠨ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠦᠶ᠋ᠯ ᠨᠢ ᠡᠷᠬᠡᠪᠰᠢ ᠡᠩ ᠲᠡᠷᠢᠭᠦᠨ ᠳᠤ ᠦᠭᠡᠶᠢᠰᠬᠡᠬᠦ ᠬᠡᠷᠡᠭᠲᠡᠶ᠃ ᠲᠦᠷ ᠴᠠᠭ ᠪᠦᠷᠢᠮᠦᠰᠦᠨ ᠰᠢᠢᠳᠪᠦᠷᠢᠯᠡᠵᠣ ᠴᠢᠳᠠᠬᠤ ᠦᠭᠡᠶ ᠪᠤᠶᠤ ᠠᠵᠤ ᠠᠬᠤᠶᠢᠯᠠᠯ ᠤᠨ ᠡᠵᠡᠩᠨᠡᠭᠴᠢ ᠴᠠᠯᠢᠩ ᠥᠷᠢᠲᠦᠭᠡᠳ ᠤᠷᠭᠤᠨ ᠳᠠᠯᠳᠠᠯᠠᠭᠰᠠᠨ ᠪᠠᠶᠢᠪᠠᠯ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ  ᠠᠷᠭᠠᠴᠠᠬᠤ ᠡᠷᠭᠢᠯᠲᠡ ᠶᠢᠨ ᠮᠥᠩᠭᠦ ᠪᠤᠶᠤ ᠪᠤᠰᠤᠳ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠥᠷᠢᠲᠦᠭᠰᠡᠨ ᠴᠠᠯᠢᠩ ᠢ ᠥᠭᠬᠦ ᠪᠤᠶᠤ ᠣᠷᠣᠯᠠᠨ ᠥᠭᠬᠦ ᠬᠡᠷᠡᠭᠲᠡᠶ᠃ ᠡᠨᠡ ᠵᠢᠯ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠠᠯᠳᠠᠭᠰᠠᠳ ᠪᠠ ᠬᠦᠴᠢᠷᠳᠡᠯ ᠲᠠᠢ ᠬᠦᠯᠦᠰᠦᠨ ᠠᠵᠢᠯᠴᠢᠨ ᠢ ᠰᠠᠶᠢᠳᠣᠷ ᠬᠠᠪᠰᠤᠷᠤᠨ ᠲᠡᠳᠬᠦᠪᠡ᠂ ᠲᠠᠷᠠᠭᠠᠴᠢ ᠶᠢᠨ ᠠᠯᠬᠤᠮ ᠳᠤ ᠡᠨᠡ ᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠡᠷᠴᠢᠮ ᠢ ᠨᠢ ᠴᠢᠩᠭᠠᠯᠠᠬᠤ ᠠᠴᠠ ᠪᠢᠰᠢ ᠰᠤᠯᠠᠷᠠᠭᠤᠯᠬᠤ ᠥᠬᠡᠶ ᠪᠠᠶᠢᠬᠤ ᠬᠡᠷᠡᠭᠲᠡᠢ᠃ ᠭᠤᠷᠪᠠ ᠳᠤ ᠴᠠᠯᠢᠩ ᠣᠯᠭᠤᠬᠤ ᠪᠠᠲᠤᠯᠠᠭ᠎ᠠ ᠶᠢᠨ ᠲᠦᠷᠢᠮ ᠢ ᠴᠢᠩᠭᠠᠳᠬᠠᠬᠤ ᠬᠡᠷᠡᠭᠲᠡᠢ᠃ ᠬᠦᠯᠦᠰᠦᠨ ᠠᠵᠢᠯᠴᠢᠨ ᠤ ᠴᠠᠯᠢᠩ ᠤᠨ ᠲᠤᠰᠬᠠᠶ ᠳᠠᠩᠰᠠ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠴᠠᠯᠢᠩ ᠢ ᠣᠷᠣᠯᠠᠨ ᠥᠭᠬᠦ᠂ ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ ᠴᠠᠯᠢᠩ ᠥᠷᠢᠲᠦᠬᠦ ᠠᠰᠠᠭᠤᠳᠠᠯ ᠲᠣᠪᠤᠶᠢᠮ᠎ᠠ ᠪᠠᠶᠢᠬᠤ ᠶᠢ ᠨᠢ ᠣᠯᠠᠨ ᠳᠤ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠠᠪᠤ ᠳᠤ᠂ ᠵᠣᠷᠢᠭᠤᠳᠠ ᠪᠠᠷ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠬᠤᠯᠠ ᠶᠡᠭᠡ ᠴᠠᠯᠢᠩ ᠥᠷᠢᠲᠦᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠲᠡᠭᠦᠨ ᠤ ᠬᠠᠷᠢᠭᠤᠴᠠᠯᠭᠠᠲᠠᠨ ᠢ ᠴᠠᠯᠢᠩ ᠥᠷᠢᠲᠦᠯ ᠤᠨ ︽ᠬᠠᠷ᠎ᠠ ᠲᠠᠩᠰᠠ︾᠎ ᠳᠤ ᠵᠢᠭᠰᠠᠭᠠᠨ ᠣᠷᠣᠭᠤᠯᠵᠤ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠭᠡᠵᠡᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠭᠰᠡᠨ ᠪᠣᠯᠬᠤᠷ᠂ ᠬᠥᠮᠦᠨ ᠬᠠᠷ᠎ᠠ ᠲᠥᠪᠯᠡᠷᠡᠨ ᠰᠢᠯᠵᠢᠵᠦ ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠬᠦ ᠲᠤᠯᠠ᠂ ᠤᠷᠬᠢᠯ ᠤᠨ ᠬᠤᠭᠤᠴᠠᠭ᠎ᠠ ᠶᠢ ᠵᠦᠷᠢᠭᠦᠯᠬᠦ ᠬᠦᠮᠦᠨ ᠬᠠᠷ᠎ᠠ ᠶᠢ ᠬᠤᠷᠢᠭᠯᠠᠨ ᠡᠵᠡᠮᠳᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠲᠡᠭᠡᠭᠡᠪᠦᠷᠢ ᠶᠢᠨ ᠬᠦᠴᠦᠨ ᠢ ᠵᠦᠶ ᠵᠣᠬᠢᠰᠲᠠᠶ ᠳᠣᠭᠢᠷᠠᠭᠤᠯᠵᠤ᠂ ᠡᠯ᠎ᠡ ᠭᠠᠵᠠᠷ ᠤᠨ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠴᠢᠬᠤᠯᠠ ᠦᠭᠡᠢ ᠪᠣᠯ ᠠᠶᠠᠯᠠᠬᠤ ᠥᠬᠡᠶ ᠪᠠᠶᠢᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠢᠯᠥᠭᠡ ᠲᠠᠯᠪᠢᠬᠤ᠂ ᠣᠷᠭᠢᠯ ᠦᠶ᠎ᠡ ᠠᠴᠠ ᠵᠠᠶᠢᠯᠠᠭᠤᠯᠤᠨ ᠰᠤᠷᠭᠠᠭᠤᠯᠢ ᠡᠬᠢᠯᠡᠬᠦ᠂ ᠦᠵᠡᠮᠵᠢ ᠶᠢᠨ ᠣᠷᠣᠨ ᠳᠤ ᠲᠤᠭ᠎ᠠ ᠬᠡᠮᠵᠢᠶ᠎ᠡ ᠶᠢ ᠬᠢᠵᠠᠭᠠᠷᠯᠠᠬᠤ ᠪᠣᠯᠵᠣᠵᠤ ᠭᠥᠯᠢᠶᠡᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠶᠢ ᠨᠢ ᠬᠥᠲᠥᠯᠦᠨ ᠵᠢᠯᠣᠭᠤᠳᠬᠤ ᠬᠡᠷᠡᠭᠲᠡᠶ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ ᠬᠦᠯᠦᠰᠦᠨ ᠠᠵᠢᠯᠴᠢᠨ ᠨᠤᠲᠤᠭ ᠲᠠᠭᠠᠨ ᠪᠤᠴᠠᠬᠤ ᠪᠠ ᠬᠤᠲᠠᠨ ᠳᠠᠭᠠᠨ ᠪᠤᠴᠠᠬᠤ ︽ᠴᠡᠭ ᠠᠴᠠ ᠴᠡᠭ ᠲᠤ ᠬᠦᠷᠬᠦ︾ ᠲᠡᠷᠭᠡ ᠬᠥᠯᠥᠰᠥᠯᠡᠬᠦ ᠲᠡᠭᠡᠭᠡᠪᠦᠷᠢ ᠶᠢ ᠵᠣᠬᠢᠶᠠᠨ ᠪᠠᠶᠢᠭᠤᠯᠵᠤ ᠬᠡᠷᠡᠭᠲᠡᠢ᠃ ᠬᠤᠶᠠᠷ ᠲᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠵᠠᠮ ᠬᠠᠷᠢᠯᠴᠠᠭ᠎ᠠ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠲᠣᠭᠲᠠᠭᠠᠨ ᠬᠡᠷᠡᠭᠵᠢᠭᠦᠯᠵᠦ᠂ ᠬᠥᠮᠦᠨ ᠬᠠᠷ᠎ᠠ᠂ ᠡᠳ᠋ ᠪᠠᠷᠠᠭ᠎ᠠ ᠵᠡᠷᠭᠡ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠯᠢᠬᠵᠢᠭᠤᠯᠬᠤ ᠬᠡᠷᠡᠭᠲᠡᠢ᠃ ᠭᠤᠷᠪᠠ ᠳᠤ᠂  ᠡᠯᠧᠺᠲᠷᠣᠨ ᠪᠢᠯᠧᠲ᠂ ᠦᠨᠡᠮᠯᠡᠯ ᠰᠢᠷᠪᠢᠵᠦ ᠬᠢᠨᠠᠨ ᠰᠢᠯᠭᠠᠬᠤ ᠵᠡᠷᠭᠡ ᠪᠢᠯᠧᠲ ᠬᠤᠳᠠᠯᠳᠤᠬᠤ ᠪᠠ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ︽ᠬᠠᠷᠢᠯᠴᠠᠨ ᠥᠯᠥ ᠣᠶᠢᠷᠠᠲᠤᠯᠴᠠᠬᠤ︾ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠶᠢᠨ ᠬᠠᠮᠲᠤ᠂ ᠤᠶᠤᠨᠲᠤ ᠮᠡᠷᠭᠡᠵᠢᠯ ᠢ ᠬᠡᠷᠡᠭᠯᠡᠵᠦ ᠳᠡᠶᠢᠯᠬᠦ ᠥᠬᠡᠶ ᠨᠠᠰᠤᠲᠠᠶᠢᠴᠤᠳ ᠲᠤ ᠲᠥᠬᠦᠮ ᠦᠵᠡᠭᠦᠯᠬᠦ  ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠶ᠃     ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠦᠨᠳᠦᠰᠦᠯᠡᠨ᠂ ᠬᠤᠷᠠᠯ ᠠᠴᠠ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾᠎ ᠢ ᠪᠠᠲᠤᠯᠠᠵᠤ᠂ ᠵᠠᠰᠠᠭ ᠵᠠᠬᠢᠷᠭᠠᠨ ᠤ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠪᠠᠷ ᠪᠣᠯᠪᠠ᠃ ᠲᠥᠰᠦᠯ ᠳᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠵᠠᠰᠠᠭ ᠤᠨ ᠣᠷᠳᠣᠨ ᠠᠴᠠ ᠱᠠᠲᠤ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠡᠳ᠋ ᠤᠨ ᠵᠠᠰᠠᠭ ᠪᠠ ᠬᠢᠨᠠᠨ ᠪᠤᠳᠤᠯᠲᠠ ᠵᠡᠷᠭᠡ ᠶᠢᠨ ᠬᠢᠨᠠᠯᠲᠠ ᠶᠢ ᠬᠦᠯᠢᠶᠡᠬᠦ ᠪᠥᠭᠡᠳ ᠵᠢᠯ ᠪᠦᠷᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠬᠥᠷᠥᠩᠭᠡ ᠶᠢᠨ ᠲᠣᠬᠢᠷᠠᠭᠤᠯᠤᠯᠲᠠ ᠪᠠ ᠲᠠᠷᠬᠠᠯᠲᠠ ᠵᠡᠷᠭᠡ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠬᠡᠷᠡᠭᠲᠡᠢ᠃ ᠡᠳ᠋ ᠬᠥᠷᠥᠩᠭᠡ ᠳᠣᠭᠢᠷᠠᠭᠤᠯᠬᠤ ᠳᠤ ᠤᠷᠢᠳᠠᠪᠠᠷ ᠳᠣᠭᠢᠷᠠᠭᠤᠯᠬᠤ ᠠᠷᠭ᠎ᠠ ᠮᠠᠶ᠋ᠢᠭ ᠎ ᠢᠶᠠᠷ ᠳᠠᠮᠵᠢᠭᠤᠯᠤᠨ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠰᠦᠪ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠠᠤᠯᠢ ᠎ ᠶᠢ ᠵᠥᠷᠢᠴᠡᠭᠰᠡᠨ ᠠᠵᠢᠯᠯᠠᠭ᠎ᠠ ᠎ ᠶᠢᠨ ᠬᠠᠤᠯᠢ ᠶᠢᠨ ᠬᠠᠷᠢᠭᠤᠴᠠᠯᠭ᠎ᠠ ᠶᠢ ᠨᠢ ᠲᠣᠳᠣᠷᠬᠠᠶᠢᠯᠠᠬᠤ ᠶᠢ ᠱᠠᠭᠠᠷᠳᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠨ ᠰᠢᠮᠳᠠᠭᠤᠯᠤᠨ ᠪᠦᠷᠢᠨᠰᠢᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号