ᠵᠠᠪᠠᠯ ᠢᠯᠡᠬᠤ ᠢᠳᠡᠭᠡᠯ ᠵᠤᠷᠢᠭ ᠢᠶᠠᠨ ᠪᠠᠳᠤᠳᠬᠠᠵᠦ ᠦᠪᠡᠷ ᠤᠨ ᠶᠠᠪᠤᠳᠠᠯ ᠢᠶᠠᠨ ᠰᠠᠶᠢᠳᠤᠷ ᠬᠢᠰᠦᠭᠡᠢ
ᠨᠡᠶᠢᠲᠡᠯᠡᠭᠰᠡᠨ ᠴᠠᠭ᠄
2021/1/5
    ᠢᠳᠡᠭᠡᠯ ᠢᠶᠠᠨ ᠪᠠᠳᠤᠳᠬᠠᠵᠦ᠂ ᠲᠤᠭᠳᠠᠯ ᠬᠦᠴᠦ ᠪᠠᠨ ᠪᠠᠳᠤᠯᠠᠨ᠂ ᠡᠷᠴᠢ ᠵᠤᠷᠢᠭ ᠢᠶᠠᠨ ᠬᠦᠪᠴᠢᠯᠡᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠲᠦᠪᠯᠡᠷᠡᠬᠦᠯᠦᠨ ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ ᠪᠤᠯ ᠮᠠᠨ ᠤ ᠡᠯ᠎ᠠ ᠵᠦᠢᠯ ᠤᠨ ᠠᠶᠦᠯ ᠲᠦᠭᠰᠢᠬᠦᠷᠢ ᠦᠷᠢᠰᠦᠯᠳᠦᠭᠡᠨ ᠢ ᠢᠯᠠᠨ ᠳᠠᠪᠠᠭ᠋ᠤ ᠵᠠᠩᠬᠢᠯᠠᠭ᠎ᠠ ᠪᠤᠯᠤᠨ᠎ᠠ᠃ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠤᠯᠤᠰ ᠤᠨ ᠳᠤᠳᠤᠭᠠᠳᠦ ᠭᠠᠳᠠᠭᠠᠳᠦ ᠶᠢᠨ ᠠᠵᠤ ᠠᠬᠤᠢ ᠶᠢᠨ ᠪᠠᠶᠢᠳᠠᠯ ᠢ ᠬᠦᠨᠵᠡᠭᠡᠢ ᠵᠠᠳᠠᠯᠵᠦ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠵᠠᠪᠠᠯ ᠢᠯᠠᠬᠤ ᠢᠳᠡᠭᠡᠯ ᠢᠶᠠᠨ ᠪᠠᠳᠤᠳᠬᠠᠵᠦ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠰᠡᠷᠬᠦᠬᠦ ᠪᠠ ᠴᠢᠨᠠᠷ ᠰᠠᠶᠢᠳᠠᠢ ᠬᠦᠭᠵᠢᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃     ᠵᠢᠯ ᠤᠨ ᠡᠬᠢᠨ ᠠᠴᠠ ᠨᠠᠭᠠᠰᠢ᠂ ᠬᠦᠨᠳᠦ ᠭᠡᠴᠡᠬᠦᠦ ᠨᠠᠷᠢᠨ ᠪᠤᠳᠤᠯᠢᠶᠠᠨᠳᠠᠢ ᠤᠯᠠᠨ ᠤᠯᠤᠰ ᠤᠨ ᠪᠠᠶᠢᠳᠠᠯ᠂ ᠪᠡᠷᠭᠡ ᠬᠠᠳᠠᠭᠤᠵᠢᠯᠳᠠᠢ ᠨᠦᠰᠡᠷ ᠬᠦᠨᠳᠦ ᠤᠯᠤᠰ ᠤᠨ ᠳᠤᠳᠤᠭᠠᠳᠦ ᠶᠢᠨ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠢᠯᠠᠩᠭᠤᠶ᠎ᠠ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠬᠦᠨᠳᠦ ᠨᠤᠴᠢᠳᠠᠢ ᠳᠠᠭᠠᠷᠢᠯᠳᠠ ᠶᠢᠨ ᠡᠮᠦᠨ᠎ᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠳᠠᠭᠠᠭᠤᠯᠵᠦ᠂ ᠬᠦᠴᠢᠷ ᠪᠡᠷᠭᠡ ᠬᠠᠷᠰᠢ ᠰᠠᠭᠠᠳ ᠢ ᠳᠠᠪᠠᠨ᠂ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠭᠠᠷᠭᠠᠵᠦ᠂ ᠠᠷᠠᠳ ᠲᠦᠮᠡᠨ ᠳᠤ ᠲᠠᠭᠠᠰᠢᠶᠠᠬᠳᠠᠬᠰᠠᠨ᠂ ᠳᠡᠯᠡᠭᠡᠢ ᠳ᠋ᠠᠬᠢᠨ ᠤ ᠠᠩᠬᠠᠷᠤᠯ ᠢ ᠳᠠᠳᠠᠭᠰᠠᠨ᠂ ᠲᠡᠦᠬᠡᠨ ᠲᠡᠮᠳᠡᠭᠯᠡᠯ ᠳᠤ ᠦᠯᠡᠳᠡᠵᠦ ᠪᠤᠯᠬᠤ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠵᠠᠢ᠃ ᠡᠬᠦᠨ ᠤ ᠵᠡᠷᠭᠡ ᠪᠠᠷ ᠂ ᠬᠢᠵᠢᠭ ᠤᠨ ᠪᠠᠶᠢᠳᠠᠯ ᠤᠨ ᠬᠤᠪᠢᠷᠠᠯᠳᠠ ᠪᠤᠯᠤᠨ ᠭᠠᠳᠠᠭᠠᠳᠤ ᠤᠷᠴᠢᠨ ᠳᠤ ᠠᠯᠢ ᠤᠯᠠᠨ ᠳᠤᠬᠳᠠᠭᠠᠯᠳᠤ ᠪᠤᠰᠤ ᠴᠢᠨᠠᠷ ᠲᠠᠢ ᠪᠠᠶᠢᠵᠥ᠂ ᠮᠠᠨ ᠤ ᠤᠯᠤᠰ ᠤᠨ ᠠᠵᠥ ᠠᠬᠤᠢ ᠶᠢᠨ ᠰᠡᠷᠬᠦᠯᠳᠡ ᠶᠢᠨ ᠰᠠᠭᠤᠷᠢ ᠲᠡᠶᠢᠮᠦ ᠰᠠᠶᠢᠨ ᠪᠠᠬᠢᠵᠢᠵᠦ ᠴᠢᠳᠠᠭ᠎ᠠ ᠦᠬᠡᠢ ᠪᠠᠶᠢᠬᠤ ᠶᠢ ᠰᠡᠷᠬᠡᠭ ᠢᠶᠠᠷ ᠤᠯᠵᠥ ᠳᠠᠨᠢᠬᠤ ᠬᠡᠷᠡᠭᠳᠡᠢ᠃ ᠳᠠᠷᠠᠭ᠎ᠠ ᠵᠢᠯ ᠤᠨ ᠳᠡᠯᠡᠬᠡᠢ ᠶᠢᠨ ᠠᠵᠥ ᠠᠬᠤᠢ ᠶᠢᠨ ᠪᠠᠶᠢᠳᠠᠯ ᠮᠦᠨ ᠬᠦ ᠨᠠᠷᠢᠨ ᠪᠤᠳᠤᠯᠢᠶᠠᠨᠳᠠᠢ᠂ ᠰᠡᠷᠬᠦᠯᠳᠡ ᠨᠢ ᠳᠤᠬᠳᠠᠭᠤᠨ ᠪᠢᠰᠢ ᠳᠡᠩᠴᠡᠬᠦᠷᠢᠳᠡᠢ ᠪᠢᠰᠢ ᠪᠠᠶᠢᠨ᠎ᠠ᠂ ᠬᠢᠵᠢᠭ ᠤᠨ ᠳᠠᠭᠠᠷᠢᠯᠳᠠ ᠠᠴᠠ ᠪᠤᠯᠤᠬᠰᠠᠨ ᠡᠯ᠎ᠡ ᠳᠦᠷᠦᠯ ᠤᠨ ᠳᠠᠭᠠᠯᠳᠠ ᠠᠶᠤᠯ ᠳᠦᠭᠰᠢᠬᠦᠷᠢ ᠶᠢ ᠬᠦᠩᠬᠡᠪᠴᠢᠯᠡᠵᠥ ᠪᠤᠯᠬᠤ ᠦᠬᠡᠢ ᠶᠤᠮ᠃ ᠡᠨᠡ ᠦᠶ᠎ᠠ ᠳᠤ᠂ ᠨᠡᠩ ᠢᠯᠡᠬᠦᠦ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠭᠡᠳᠦ ᠶᠢᠨ ᠬᠠᠷᠠᠭᠠᠰᠤ ᠪᠠᠷ ᠮᠠᠨ ᠤ ᠤᠯᠤᠰ ᠤᠨ ᠬᠦᠭᠵᠢᠯᠳᠠ ᠳᠤ ᠬᠠᠨᠳᠤᠵᠦ᠂ ᠨᠡᠩ ᠢᠯᠡᠬᠦᠦ ᠢᠳᠡᠭᠡᠯ ᠢᠶᠠᠨ ᠨᠡᠮᠡᠭᠳᠡᠬᠦᠯᠦᠨ᠂ ᠢᠳᠡᠭᠡᠯ ᠢᠶᠠᠨ ᠪᠠᠳᠤᠳᠬᠠᠬᠤ ᠭᠡᠷᠡᠭᠲᠡᠢ᠃ ᠴᠠᠭ ᠬᠤᠭᠤᠴᠠᠭ᠎ᠠ ᠪᠠᠶᠢᠳᠠᠯ ᠬᠠᠨᠳᠤᠰᠢ ᠪᠢᠳᠠᠨ ᠳᠤ ᠠᠰᠢᠬ ᠲᠠᠢ ᠪᠠᠶᠢᠨ᠎ᠠ᠂ ᠪᠢᠳᠠ ᠠᠯᠢᠪᠠ ᠬᠦᠴᠢᠷ ᠪᠡᠷᠭᠡ ᠶᠢ ᠢᠯᠠᠨ ᠲᠠᠪᠠᠭ᠋ᠤ ᠠᠴᠠ ᠪᠢᠰᠢ ᠬᠠᠷᠢᠨ ᠬᠦᠴᠢᠷ ᠪᠡᠷᠭᠡ ᠳᠤ ᠦᠯᠦ ᠢᠯᠠᠬᠳᠠᠬᠤ ᠰᠢᠢᠳᠮᠡᠭ ᠰᠡᠳᠬᠢᠯ ᠪᠤᠯᠤᠨ ᠤᠮᠤᠬ ᠵᠤᠷᠢᠭ ᠢᠶᠠᠷ᠂ ᠠᠶᠦᠯ ᠲᠦᠭᠰᠢᠬᠦᠷᠢ ᠶᠢᠨ ᠳᠤᠮᠳᠠ ᠠᠵᠠ ᠲᠤᠬᠢᠶᠠᠯ ᠢ ᠡᠭᠦᠳᠴᠦ᠂ ᠬᠤᠪᠢᠷᠠᠯᠳᠠ ᠶᠢᠨ ᠲᠤᠮᠳᠠ ᠰᠢᠨ᠎ᠠ ᠪᠠᠶᠢᠳᠠᠯ ᠢ ᠨᠡᠭᠡᠭᠡᠬᠦ ᠳᠡᠭᠡᠨ ᠴᠢᠳᠠᠮᠠᠭᠠᠢ ᠪᠠᠶᠢᠵᠦ᠂ ᠰᠢᠨ᠎ᠠ ᠴᠠᠭ ᠦᠶ᠎ᠠ ᠶᠢᠨ ᠰᠢᠨ᠎ᠠ ᠠᠶᠠᠨ ᠳᠠᠭᠠᠨ ᠬᠦᠴᠢᠷ ᠪᠡᠷᠭᠡᠰᠢᠶᠠᠯ ᠢ ᠢᠯᠠᠨ ᠲᠠᠪᠠᠵᠦ᠂ ᠡᠷᠡᠮᠡᠭᠡᠶᠢᠯᠡᠨ ᠤᠷᠤᠬᠰᠢᠯᠠᠬᠤ ᠭᠡᠷᠡᠭᠲᠡᠢ᠃     ᠤᠷᠤᠬᠰᠢᠯᠠᠯᠳᠠ ᠶᠢᠨ ᠵᠠᠮ ᠳᠡᠭᠡᠷᠡᠬᠢ ᠠᠶᠦᠯ ᠲᠦᠭᠰᠢᠬᠦᠷᠢ ᠦᠷᠢᠰᠦᠯᠳᠦᠭᠡᠨ ᠤ ᠡᠮᠦᠨ᠎ᠠ᠂ ᠪᠢᠳᠠ ᠵᠠᠪᠠᠯ ᠢᠯᠠᠬᠤ ᠢᠳᠡᠭᠡᠯ ᠵᠤᠷᠢᠭ ᠢᠶᠠᠨ ᠪᠠᠳᠤᠳᠬᠠᠬᠤ ᠭᠡᠷᠡᠭᠲᠡᠢ᠃ ᠭᠡᠳᠦ᠋ᠢᠪᠡᠷ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠳᠤ ᠬᠦᠨᠵᠡᠭᠡᠢ ᠪᠤᠳᠤᠯᠢᠶᠠᠨᠳᠠᠢ ᠬᠤᠪᠢᠷᠠᠯᠳᠠ ᠭᠠᠷᠤᠭᠰᠠᠨ ᠴᠦ᠂ ᠮᠠᠨ ᠤ ᠤᠯᠤᠰ ᠤᠨ ᠠᠵᠤ ᠠᠬᠤᠢ ᠲᠤᠭᠳᠠᠭᠤᠨ ᠤ ᠳᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭᠰᠠᠨ ᠦᠭᠡᠢ᠂ ᠮᠠᠨ ᠤ ᠤᠯᠤᠰ ᠤᠨ ᠠᠵᠤ ᠠᠬᠤᠢ ᠶᠢᠨ ᠨᠦᠬᠡᠴᠡ ᠬᠦᠴᠦᠨ ᠬᠦᠢᠴᠡᠳ᠂ ᠤᠶᠠᠨ ᠬᠠᠳᠠᠨ ᠴᠢᠨᠠᠷ ᠢᠶᠠᠷ ᠶᠡᠭᠡ᠂ ᠠᠮᠢᠵᠢᠷᠠᠯ ᠤᠨ ᠬᠦᠴᠦᠨ ᠢᠶᠠᠷ ᠴᠢᠩᠭ᠎ᠠ᠂ ᠡᠷᠬᠢᠯᠳᠦᠬᠦ ᠤᠷᠤᠨ ᠵᠠᠢ ᠶᠡᠭᠡ᠂ ᠲᠦᠷᠦ ᠶᠢᠨ ᠪᠤᠳᠤᠯᠭ᠎ᠠ ᠶᠢᠨ ᠪᠠᠭᠠᠵᠢ ᠤᠯᠠᠨ ᠪᠠᠶᠢᠬᠤ ᠦᠨᠳᠦᠰᠦᠨ ᠤᠨᠴᠠᠯᠢᠭ ᠬᠤᠪᠢᠷᠠᠭᠰᠠᠨ ᠦᠭᠡᠢ᠂ ᠮᠠᠨ ᠤ ᠤᠯᠤᠰ ᠤᠨ ᠬᠦᠭᠵᠢᠯᠳᠠ ᠶᠢᠨ ᠤᠯᠠᠨ ᠲᠠᠯ᠎ᠠ ᠶᠢᠨ ᠲᠠᠪᠠᠭᠤᠯᠢᠭ ᠪᠠ ᠨᠦᠬᠦᠴᠡᠯ ᠬᠤᠪᠢᠷᠠᠭᠰᠠᠨ ᠦᠭᠡᠢ᠃ ᠮᠠᠨ ᠤ ᠤᠯᠤᠰ 14 ᠳ᠋ᠦᠩᠰᠢᠭᠤᠷ ᠬᠦᠮᠦᠨ ᠠᠮᠠ ᠲᠠᠢ᠂ ᠳᠤᠮᠳᠠ ᠵᠡᠷᠭᠡ ᠶᠢᠨ ᠤᠷᠤᠯᠭ᠎ᠠ ᠲᠠᠢ ᠬᠦᠮᠦᠰ 4 ᠳ᠋ᠦᠩᠰᠢᠭᠤᠷ ᠢ ᠲᠠᠪᠠᠵᠦ᠂ ᠪᠦᠬᠦ ᠪᠦᠮᠪᠦᠷᠴᠡᠭ ᠤᠨ ᠬᠠᠮᠤᠭ ᠠᠴᠠ ᠢᠯᠡᠬᠦᠦ ᠨᠦᠭᠡᠴᠡ ᠬᠦᠴᠦᠨ ᠲᠠᠢ ᠵᠠᠬ᠎ᠠ ᠳᠡᠯᠭᠡᠬᠦᠷ ᠪᠤᠯᠵᠦ᠂ ᠪᠦᠬᠦ ᠪᠦᠮᠪᠦᠷᠴᠡᠭ ᠤᠨ ᠬᠠᠮᠤᠭ ᠤᠨ ᠪᠦᠷᠢᠨ ᠪᠦᠳᠦᠨ᠂ ᠬᠡᠪᠴᠢᠶ᠎ᠠ ᠪᠠᠷ ᠬᠠᠮᠤᠭ ᠤᠨ ᠶᠡᠭᠡ ᠠᠵᠤ ᠦᠢᠯᠡᠳᠪᠤᠷᠢ ᠶᠢᠨ ᠰᠢᠰᠲ᠋ᠧᠮ ᠲᠠᠢ᠂ ᠬᠦᠴᠦᠷᠭᠡᠭ ᠶᠡᠭᠡ ᠦᠢᠯᠡᠳᠪᠤᠷᠢᠯᠡᠬᠦ ᠴᠢᠳᠠᠪᠤᠷᠢ᠂ ᠪᠦᠷᠢᠨ ᠳᠡᠬᠦᠯᠳᠡᠷ ᠲᠦᠬᠦᠷᠵᠢᠬᠦᠯᠬᠦ ᠴᠢᠳᠠᠪᠤᠷᠢ ᠲᠠᠢ ᠪᠠᠶᠢᠵᠦ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠬᠦᠳᠡᠭᠡ ᠠᠵᠤ ᠠᠬᠤᠢ ᠶᠢᠨ ᠤᠳᠤᠬᠢᠴᠢᠯᠠᠯᠳᠠ ᠶᠢᠨ ᠲᠦᠷᠭᠡᠨ ᠬᠦᠭᠵᠢᠯᠳᠠ ᠶᠢᠨ ᠱᠠᠳᠤᠨ ᠳᠤ ᠤᠷᠤᠰᠢᠵᠦ᠂ ᠪᠡᠯᠡ ᠤᠷᠤᠭᠤᠯᠤᠯᠳᠠ ᠶᠢᠨ ᠭᠡᠷᠡᠭᠴᠡᠭᠡᠨ ᠤ ᠨᠦᠭᠡᠴᠡ ᠬᠦᠴᠦᠨ ᠯᠤᠳᠤ ᠶᠡᠭᠡ ᠪᠤᠢ᠃ ᠢᠷᠡᠭᠡᠳᠦᠢ ᠳᠤ ᠬᠠᠨᠳᠤᠵᠦ᠂ ᠪᠢᠳᠠ ᠦᠷᠢᠰᠦᠯᠳᠦᠭᠡᠨ ᠢ  ᠠᠷᠭᠠᠴᠠᠬᠤ ᠡᠷᠡᠰ ᠪᠠᠳᠤ ᠰᠢᠢᠳᠮᠡᠭ ᠵᠤᠷᠢᠭ᠂ ᠡᠷᠴᠢ ᠬᠦᠴᠦ᠂ ᠤᠯᠤᠰ ᠤᠨ ᠬᠦᠴᠦᠨ ᠲᠠᠢ ᠪᠠᠶᠢᠭ᠎ᠠ ᠶᠤᠮ᠂ ᠠᠶᠦᠯ ᠲᠦᠭᠰᠢᠬᠦᠷᠢ ᠰᠢᠯᠭᠠᠯᠳᠠ ᠶᠢ ᠢᠯᠠᠨ ᠳᠠᠪᠠᠭ᠋ᠤ ᠪᠦᠷᠢᠨ ᠬᠦᠢᠴᠡᠳ ᠢᠳᠡᠭᠡᠯ ᠬᠦᠴᠦ᠂ ᠴᠢᠳᠠᠪᠤᠷᠢ᠂ ᠤᠶᠤᠨ ᠤᠬᠠᠭᠠᠨ ᠪᠠᠶᠢᠭ᠎ᠠ ᠶᠤᠮ᠃ ᠭᠠᠭᠴᠠ ᠬᠦ ᠬᠤᠪᠢᠷᠠᠯᠳᠠ ᠶᠢ ᠤᠨᠤᠪᠴᠢᠳᠠᠢ ᠲᠠᠨᠢᠵᠦ᠂ ᠬᠤᠪᠢᠷᠠᠯᠳᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ ᠬᠤᠪᠢᠷᠠᠯᠳᠠ ᠶᠢ ᠰᠠᠨᠠᠭᠠᠴᠢᠯᠠᠭ᠎ᠠ ᠠᠴᠠ ᠪᠠᠨ ᠬᠦᠭᠡᠭᠡᠴᠡᠯᠳᠦᠵᠦ᠂ ᠰᠢᠢᠳᠪᠤᠷᠢᠳᠦ ᠪᠤᠳᠤᠯᠭ᠎ᠠ ᠲᠤᠭᠳᠠᠭᠠᠬᠤ ᠳᠠᠭᠠᠨ ᠴᠡᠴᠡᠷ ᠲᠤ ᠰᠠᠭᠤᠨ ᠠᠷᠭ᠎ᠠ ᠪᠤᠳᠤᠯᠭ᠎ᠠ ᠭᠠᠷᠭᠠᠵᠦ᠂ ᠨᠠᠶᠢᠳᠠᠪᠤᠷᠢᠵᠢᠭᠤᠯᠬᠤ ᠳᠠᠭᠠᠨ ᠵᠤᠷᠢᠬᠰᠠᠨ ᠢᠶᠠᠷ ᠢᠶᠠᠨ ᠰᠠᠶᠢᠳᠤᠷ ᠵᠢᠯᠤᠭᠤᠳᠪᠠᠯ᠂ ᠯᠠᠪᠳᠠᠢ ᠶᠡᠭᠡ ᠠᠶᠦᠯ ᠲᠦᠭᠰᠢᠬᠦᠷᠢ ᠲᠠᠢ ᠲᠡᠮᠡᠴᠡᠬᠦ ᠶᠠᠪᠤᠴᠠ ᠳᠤᠮᠳᠠ ᠶᠡᠭᠡ ᠠᠵᠠ ᠲᠤᠬᠢᠶᠠᠯ ᠢ ᠡᠬᠦᠳᠴᠦ᠂ ᠢᠯᠠᠬᠳᠠᠰᠢ ᠦᠭᠡᠢ ᠪᠠᠶᠢᠷᠢᠨ ᠳᠤ ᠢᠮᠠᠬᠳᠠ ᠵᠤᠬᠰᠤᠵᠦ ᠴᠢᠳᠠᠨ᠎ᠠ᠃     ᠨᠠᠷᠢᠨ ᠪᠤᠳᠤᠯᠢᠶᠠᠨᠳᠠᠢ ᠬᠦᠨᠳᠦ ᠭᠡᠴᠡᠬᠦᠦ ᠭᠠᠳᠠᠭᠠᠳᠦ ᠤᠷᠴᠢᠨ ᠤ ᠡᠮᠦᠨ᠎ᠠ᠂ ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ ᠨᠢ ᠵᠠᠩᠭᠢᠯᠠᠭ᠎ᠠ ᠪᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠠ ᠶᠢᠨ ᠱᠠᠳᠤᠨ ᠳᠤ ᠰᠠᠭᠤᠷᠢᠯᠡᠵᠦ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠦᠨ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠦᠯᠳᠠᠢ ᠲᠦᠯᠦᠪᠵᠢᠬᠦᠯᠵᠦ᠂ ᠠᠵᠤ ᠠᠬᠤᠢ ᠶᠢᠨ ᠯᠠᠪᠳᠠᠭᠤᠨ ᠪᠠᠳᠤᠳᠠᠢ ᠬᠦᠭᠵᠢᠯᠳᠡ᠂ ᠨᠡᠶᠢᠭᠡᠮ ᠤᠨ ᠠᠮᠤᠷ ᠲᠤᠬᠳᠠᠭᠤᠨ ᠡᠶ᠎ᠡ ᠵᠤᠬᠢᠴᠠᠩᠭᠤᠢ ᠶᠢ ᠪᠠᠳᠤᠯᠠᠨ᠂ ︽ᠠᠷᠪᠡᠨ ᠲᠦᠷᠪᠡᠳᠦᠭᠡᠷ ᠲᠠᠪᠤᠨ ᠵᠢᠯ︾᠎ ᠢ ᠰᠠᠶᠢᠨ ᠡᠬᠢᠯᠡᠯᠳᠠ ᠲᠠᠢ ᠪᠤᠯᠭᠠᠬᠤ ᠶᠢ ᠪᠠᠳᠤᠯᠠᠬᠤ ᠭᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠦ᠂ ᠠᠶᠦᠯ ᠲᠦᠭᠰᠢᠬᠦᠷᠢ ᠶᠢ ᠵᠢᠱᠢᠵᠦ ᠤᠷᠢᠳᠴᠢᠯᠠᠨ ᠮᠠᠭᠠᠳᠯᠠᠬᠤ ᠴᠢᠳᠠᠪᠤᠷᠢ ᠶᠢ ᠳᠡᠭᠡᠭᠰᠢᠯᠡᠬᠦᠯᠦᠨ᠂ ᠡᠯ᠎ᠠ ᠵᠦᠢᠯ ᠤᠨ ᠠᠶᠦᠯ ᠲᠦᠭᠰᠢᠬᠦᠷᠢ ᠦᠷᠢᠰᠦᠯᠳᠦᠭᠡᠨ ᠢ ᠴᠢᠩᠭ᠎ᠠ ᠨᠢᠬᠳᠠ ᠰᠡᠷᠭᠡᠶᠢᠯᠡᠬᠦ ᠭᠡᠷᠡᠭᠲᠡᠢ᠃ ᠦᠭᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠡᠬᠦᠯᠬᠦ ᠪᠠᠷ ᠬᠦᠭᠵᠢᠯᠳᠠ ᠶᠢᠨ ᠳᠤᠳᠤᠭᠠᠳᠦ ᠬᠦᠳᠡᠯᠭᠡᠬᠦ ᠬᠦᠴᠦ ᠶᠢ ᠴᠢᠩᠭᠠᠳᠬᠠᠬᠤ ᠶᠢ ᠨᠡᠩ ᠢᠯᠡᠬᠦᠦ ᠴᠢᠬᠤᠯᠠᠴᠢᠯᠠᠵᠦ᠂ ᠵᠠᠷᠢᠮ ᠵᠠᠩᠬᠢᠯᠠᠭ᠎ᠠ ᠶᠢᠨ ᠴᠡᠭ ᠲᠤ ᠬᠦᠴᠦᠯᠡᠨ ᠦᠷ᠎ᠠ ᠪᠦᠳᠦᠮᠵᠢ ᠭᠠᠷᠭᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢᠨ ᠡᠨᠡ ᠬᠦ ᠭᠤᠤᠯ ᠰᠢᠵᠢᠮ ᠢ ᠴᠢᠩᠭ᠎ᠠ ᠡᠵᠡᠮᠳᠡᠵᠦ᠂ ᠭᠡᠷᠡᠭᠴᠡᠭᠡᠨ ᠤ ᠲᠠᠯ᠎ᠠ ᠶᠢᠨ ᠬᠠᠮᠢᠶᠠᠷᠤᠯᠳᠠ ᠶᠢ ᠴᠢᠬᠤᠯᠠᠴᠢᠯᠠᠨ᠂ ᠭᠡᠷᠡᠭᠴᠡᠭᠡ ᠪᠠᠷ ᠬᠠᠩᠭᠠᠯᠭ᠎ᠠ ᠶᠢ ᠲᠠᠶᠢᠴᠢᠯᠠᠬᠤ᠂ ᠬᠠᠩᠭᠠᠯᠭ᠎ᠠ ᠪᠠᠷ ᠭᠡᠷᠡᠭᠴᠡᠭᠡ ᠶᠢ ᠡᠬᠦᠳᠬᠦ ᠨᠡᠩ ᠦᠨᠳᠦᠷ ᠲᠦᠪᠰᠢᠨ ᠲᠠᠢ ᠬᠦᠳᠡᠯᠦᠩᠬᠦᠢ ᠲᠡᠩᠴᠡᠬᠦᠷᠢ ᠶᠢ ᠪᠦᠷᠢᠯᠳᠦᠬᠦᠯᠵᠦ᠂ ᠤᠯᠤᠰ ᠠᠷᠠᠳ ᠤᠨ ᠠᠵᠤ ᠠᠬᠤᠢ ᠶᠢᠨ ᠰᠢᠰᠲ᠋ᠧᠮ ᠤᠨ ᠪᠦᠬᠦᠯᠢ ᠴᠤᠬᠴᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠬᠦᠯᠬᠦ ᠭᠡᠷᠡᠭᠲᠡᠢ᠃ ᠤᠯᠠᠨ ᠲᠠᠯᠠᠳᠦ ᠦᠵᠡᠯ ᠤᠨ ᠲᠤᠭ ᠢ ᠦᠷᠬᠦᠯᠵᠢᠯᠡᠨ ᠦᠨᠳᠦᠷ ᠮᠠᠨᠳᠤᠭᠤᠯᠵᠦ᠂ ᠪᠦᠬᠦ ᠪᠦᠮᠪᠦᠷᠴᠡᠭ ᠤᠨ ᠵᠠᠰᠠᠯᠳᠠ ᠶᠢᠨ ᠦᠭᠡᠷᠡᠴᠢᠯᠡᠯᠳᠠ ᠳᠡᠬᠦᠯᠳᠡᠷᠵᠢᠬᠦᠯᠦᠯᠳᠠ ᠳᠤ ᠢᠳᠡᠪᠬᠢᠳᠠᠢ ᠤᠷᠤᠯᠴᠠᠨ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠠᠬᠢᠭᠤᠯᠤᠨ ᠪᠠᠶᠢᠭᠤᠯᠬᠤ ᠭᠡᠷᠡᠭᠲᠡᠢ᠃     ᠳᠤᠮᠳᠠᠳᠤ ᠶᠢᠨ ᠦᠨᠳᠦᠰᠦᠳᠡᠨ ᠲᠡᠦᠭᠡᠨ ᠳᠡᠭᠡᠷ᠎ᠠ ᠮᠠᠰᠢ ᠤᠯᠠᠨ ᠬᠦᠴᠢᠷ ᠪᠡᠷᠭᠡᠰᠢᠶᠠᠯ ᠢ ᠦᠩᠭᠡᠷᠡᠬᠦᠯᠦᠭᠰᠡᠨ ᠪᠤᠯᠪᠠᠴᠦ ᠶᠡᠷᠦ ᠠᠴᠠ ᠰᠦᠷᠳᠡᠵᠦ ᠨᠤᠭᠤᠷᠠᠬᠰᠠᠨ ᠦᠭᠡᠢ᠂ ᠬᠠᠷᠢᠨ ᠨᠤᠭᠤᠷᠠᠯ ᠪᠦᠳᠦᠷᠢᠯ ᠳᠤ ᠤᠴᠠᠷᠠᠬᠤ ᠳᠤᠳᠤᠮ ᠡᠷᠴᠢ ᠵᠤᠷᠢᠭ ᠤᠯᠠᠮ ᠴᠢᠩᠭᠠᠷᠠᠵᠦ᠂ ᠬᠦᠴᠢᠷ ᠪᠡᠷᠭᠡᠰᠢᠶᠡᠯ ᠤᠨ ᠳᠤᠮᠳᠠ ᠦᠰᠦᠨ ᠪᠤᠶᠢᠵᠢᠵᠦ᠂ ᠬᠦᠴᠢᠷ ᠪᠡᠷᠭᠡᠰᠢᠶᠡᠯ ᠤᠨ ᠳᠤᠮᠳᠠ ᠬᠦᠴᠦᠯᠡᠨ ᠪᠤᠰᠴᠠᠢ᠃ ᠤᠷᠤᠬᠰᠢᠯᠠᠯᠳᠠ ᠶᠢᠨ ᠵᠠᠮ ᠳᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠬᠴᠢ ᠲᠠᠢ᠂ ᠪᠦᠬᠦ ᠨᠠᠮ ᠤᠨ ᠭᠤᠤᠯᠯᠠᠬᠴᠢ ᠠᠴᠠ ᠴᠢᠭᠯᠡᠯ ᠢ ᠡᠵᠡᠮᠳᠡᠨ ᠠᠶᠠᠨ ᠢ ᠵᠢᠯᠤᠭᠤᠳᠴᠦ ᠪᠠᠶᠢᠭ᠎ᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠠᠳᠳᠡ ᠳᠠᠪᠠᠭᠤᠯᠢᠭ ᠲᠠᠢ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ ᠪᠠᠶᠢᠭ᠎ᠠ ᠠᠴᠠ ᠯᠠᠪᠳᠠᠢ  ᠠᠯᠢᠪᠠ ᠬᠦᠴᠢᠷ ᠪᠡᠷᠭᠡ ᠬᠠᠷᠰᠢ ᠰᠠᠭᠠᠳ ᠢ ᠢᠯᠠᠨ ᠲᠠᠪᠠᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠰᠠᠶᠢᠨ ᠰᠠᠶᠢᠬᠠᠨ ᠬᠦᠭᠵᠢᠯᠳᠠ ᠶᠢᠨ ᠪᠠᠶᠢᠳᠠᠯ ᠢ ᠪᠠᠳᠤᠯᠠᠨ᠂ ᠲᠤᠭᠳᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠢᠯᠠᠯᠳᠠ ᠶᠢᠨ ᠢᠶᠠᠨ ᠡᠷᠴᠢᠨ ᠲᠡᠭᠡᠷ᠎ᠡ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠵᠠᠮ ᠢᠶᠠᠨ ᠡᠬᠢᠯᠡᠬᠦᠯᠵᠦ ᠴᠢᠳᠠᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号