2020 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ | ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ 2020 ᠣᠨ ᠤ ᠲᠠᠪᠢᠨ ᠨᠢᠭᠡᠳᠦᠭᠡᠷ ᠤᠳᠠᠭ᠎ᠠ ᠶᠢᠨ | ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ | ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠂ ᠥᠪᠡᠷᠲᠡᠭᠡᠨ ᠵᠠᠰᠠᠬᠤ | ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 243 ᠳ᠋ᠤᠭᠠᠷ | ᠤᠳᠠᠭ᠎ᠠ ᠶᠢᠨ ︵ᠥᠷᠭᠡᠳᠬᠡᠭᠰᠡᠨ︶ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ ᠤᠨ | ᠶᠠᠪᠤᠳᠠᠯ ᠢ ᠵᠥᠪᠯᠡᠬᠦ ᠬᠤᠷᠠᠯ ᠪᠤᠯᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ | ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 4 ᠳ᠋ᠤᠭᠡᠷ ᠤᠳᠠᠭ᠎ᠠ ᠶᠢᠨ | ᠪᠥᠬᠦᠳᠡ ᠬᠤᠷᠠᠯ᠂ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠦᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ᠂ ᠱᠢ ᠲᠠᠢ ᠹᠧᠩ ᠱᠦᠵᠢ ᠶᠢᠨ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠬᠦ ᠲᠤᠬᠠᠶ ᠮᠡᠳᠡᠭᠦᠯᠦᠯᠲᠡ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠦ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠣᠣ ᠯᠢᠶᠠᠩ ᠨᠠᠷ | ᠬᠤᠷᠠᠯ ᠳᠤ ᠣᠷᠣᠯᠴᠠᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠴᠡᠨᠪᠢᠯᠢᠭ ᠨᠠᠷ | ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠲᠥᠪ ᠤᠨ ᠤᠯᠤᠰ ᠲᠦᠷᠦ ᠶᠢᠨ ᠲᠣᠪᠴᠢᠶᠠᠨ ᠤ | ᠠᠷᠠᠳᠴᠢᠯᠠᠯ ᠠᠮᠢᠳᠤᠷᠠᠯ ᠤᠨ ᠬᠤᠷᠠᠯ ᠨᠢ ᠪᠦᠬᠦ ᠨᠠᠮ ᠳᠤ ᠵᠢᠱᠢᠶ᠎ᠡ ᠪᠤᠯᠵᠦ᠂ ᠬᠡᠪ ᠳᠠᠭᠤᠷᠢᠶᠠᠯ ᠦᠵᠡᠭᠦᠯᠵᠡᠢ᠃ ᠪᠥᠬᠦ | ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠬᠦ︾ ᠴᠢᠬᠤᠯᠠ ᠱᠠᠭᠠᠷᠳᠠᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠦ᠂ | ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠠᠷ ᠪᠠᠶᠢᠳᠠᠯ ᠢ ᠵᠠᠳᠠᠯᠬᠤ᠂ ᠠᠵᠢᠯ ᠢᠶᠠᠨ ᠠᠬᠢᠭᠤᠯᠬᠤ ᠶᠢ | ᠪᠠᠷᠢᠮᠲᠠᠯᠠᠨ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ | ᠭᠦᠢᠴᠡᠳᠭᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠤᠯᠤᠭᠠᠢ ᠪᠠᠨ ᠲᠠᠰᠤᠷᠠᠯᠲᠠ ᠥᠬᠡᠶ | ᠵᠡᠪᠰᠡᠭᠯᠡᠵᠦ᠂ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ | ᠪᠣᠯᠤᠨ ᠤᠯᠤᠰ ᠲᠥᠷᠥ ᠶᠢᠨ ᠱᠤᠭᠤᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ | ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠡᠭᠦᠷᠭᠡ ᠶᠢ | ᠣᠨᠣᠪᠴᠢᠲᠠᠶ ᠡᠵᠡᠮᠳᠡᠵᠦ᠂ ᠰᠢᠯᠢ ᠶᠢᠨ ᠭᠤᠤᠯ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠠᠨᠠᠭᠤᠯᠭ᠎ᠠ ᠪᠣᠯᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠤᠯᠠᠮ ᠴᠢᠨᠠᠭᠰᠢᠳᠠ | ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠪᠲᠤᠯᠤᠯᠲᠠ ᠶᠢᠨ ᠴᠡᠭ ᠪᠣᠯᠤᠨ ᠬᠦᠴᠦᠯᠡᠬᠦ | ᠴᠡᠭ ᠢ ᠣᠨᠣᠪᠴᠢᠲᠠᠶ ᠣᠯᠵᠤ᠂ ᠣᠳᠣᠬᠢᠴᠢᠯᠠᠭᠰᠠᠨ ᠰᠢᠯᠢ ᠶᠢᠨ ᠭᠤᠤᠯ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ | ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠭᠦᠳᠬᠦ ᠬᠡᠷᠡᠭᠲᠡᠶ᠃ ︽ᠬᠤᠶᠠᠷ ᠪᠠᠶᠠᠷ︾ ᠤᠨ ᠬᠤᠭᠤᠴᠠᠭᠠᠨ ᠤ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠪᠤᠯ ᠤᠨ ᠭᠤᠤᠯ ᠬᠦᠢᠲᠡᠨ ᠤ ᠨᠥᠬᠦᠴᠡᠯ | ᠳᠣᠣᠷᠠᠬᠢ ᠳᠤᠯᠠᠭᠠᠯᠠᠭ᠎ᠠ ᠤᠰᠦ ᠴᠠᠬᠢᠯᠭᠠᠨ ᠬᠠᠩᠭᠠᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠯᠭ᠎ᠠ ᠪᠠᠭ᠎ᠠ ᠪᠠ ᠣᠨᠴᠠᠭᠠᠢ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠦᠢᠯᠡᠳᠪᠦᠷᠢᠯᠡᠯ ᠠᠮᠢᠳᠤᠷᠠᠯ ᠢ ᠲᠣᠬᠢᠲᠠᠢ ᠲᠤᠬᠢᠷᠠᠭᠤᠯᠵᠤ᠂ ᠠᠶᠤᠯᠭᠦᠢ ᠦᠢᠯᠡᠳᠪᠦᠷᠢᠯᠡᠯ ᠪᠠ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠪᠠᠶᠠᠷ ᠳᠤᠷᠠᠰᠬᠠᠯ ᠤᠨ ᠡᠳᠦᠷ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠨᠴᠠ ᠴᠢᠬᠤᠯᠠ ᠪᠠᠴᠢᠮ ᠪᠠᠶᠢᠳᠠᠯ ᠢ | ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠦᠷᠭᠦᠯᠵᠢᠯᠡᠨ ᠠᠷᠢᠭᠤᠨ ᠴᠢᠭᠴᠢ ᠶᠢᠨ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ | ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠳᠤᠲᠠᠭᠳᠠᠯ ᠢᠶᠠᠨ ᠴᠢᠨᠠᠭᠰᠢᠳᠠ ᠨᠥᠬᠦᠪᠥᠷᠢᠯᠡᠨ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠵᠦ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ | ᠨᠤᠲᠤᠭ ᠤᠨ ᠡᠯ᠎ᠡ ᠱᠠᠲᠤᠨ ᠤ ᠬᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ | ᠠᠬᠢᠭᠤᠯᠵᠤ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠣᠯᠭ᠎ᠠ ᠵᠡᠷᠭᠡ ᠰᠤᠷᠭᠠᠨ ᠬᠥᠮᠦᠵᠢᠯ ᠤᠨ ᠬᠦᠷᠢᠶᠡᠨ ᠤ | ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠵᠢᠯ ᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠰᠢᠯᠢ ᠶᠢᠨ ᠭᠤᠤᠯ ᠠᠶᠢᠮᠠᠭ ᠤᠨ | ᠰᠤᠷᠭᠠᠨ ᠬᠥᠮᠦᠵᠢᠯ ᠤᠨ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠬᠤ | ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠤᠮᠳᠠ ᠥᠨᠳᠥᠷ ᠲᠠᠰ ᠤᠨ ᠠᠶᠤᠯ | ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠰᠢᠯᠢ ᠶᠢᠨ ᠭᠤᠤᠯ ᠠᠶᠢᠮᠠᠭ ᠤᠨ | ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ | ᠭᠤᠣᠯᠳᠠᠯᠭ᠎ᠠ ᠲᠠᠢ ᠲᠠᠯᠠᠪᠠᠢ ᠪᠣᠯᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠭᠦᠢᠲᠡᠨ ᠢᠶᠠᠷ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ ᠪᠣᠯᠤᠨ ᠲᠦᠷᠭᠡᠨ ᠬᠦᠷᠭᠡᠯᠲᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠶᠢᠳᠪᠦᠷᠢᠯᠡᠬᠦ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠪᠡ᠃ |