ᠤᠯᠤᠰ ‍ᠤᠨ‌‍ᠲ᠋ᠡᠷᠢᠭᠦᠯᠡᠭᠴᠢ ᠰᠢ ᠶᠢᠨ ᠫᠢᠩ ᠤᠨ 2021 ᠣᠨ ᠤ ᠰᠢᠨ᠎ᠡ ᠵᠢᠯ ᠤᠨ ᠪᠠᠶᠠᠷ ᠤᠨ ᠦᠭᠡ ᠮᠠᠨ  ᠤ ᠠᠶᠢᠮᠠᠭ ᠲᠤ ᠬᠠᠯᠠᠭᠤᠨ ᠲᠤᠰᠬᠠᠯ ᠭᠠᠷᠭᠠᠯ᠎ᠠ
ᠨᠡᠶᠢᠲᠡᠯᠡᠭᠰᠡᠨ ᠴᠠᠭ᠄
2021/1/6
    ᠰᠢᠨ᠎ᠡ ᠵᠢᠯ ᠠᠴᠠ ᠡᠮᠦᠨᠡᠬᠡᠨ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠪᠣᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ᠂ 2021 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠵᠦ᠂ ᠪᠥᠬᠦ ᠤᠯᠤᠰ ᠤᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠭᠰᠡᠨ ᠢ ᠭᠥᠯᠢᠶᠡᠨ ᠠᠪᠴᠤ ᠦᠵᠡᠭᠰᠡᠨ ᠤ ᠳᠠᠷᠠᠭ᠎ᠠ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠬᠠᠶᠢᠷ᠎ᠠ ᠰᠡᠳᠬᠢᠯᠭᠡ᠂ ᠪᠣᠷᠣᠭᠵᠢᠭᠤᠨ ᠦᠨᠡᠨᠴᠢ ᠦᠭᠡ ᠶᠠᠷᠢᠶ᠎ᠠ ᠨᠢ ᠮᠠᠨ ᠤ ᠠᠶᠢᠮᠠᠭ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠭᠠᠯ᠎ᠠ᠃     ᠰᠢᠯᠢ ᠶᠢᠨ ᠬᠤᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠪᠠᠶᠢᠯᠳᠤᠭᠴᠢᠳ ᠲᠡᠷᠢ ᠲᠡᠭᠰᠢ ᠰᠠᠭᠤᠵᠤ᠂ ᠵᠢᠯ ᠪᠦᠷᠢ ᠨᠠᠷᠢᠨ ᠬᠢᠨᠠᠮᠠᠭᠠᠢ    ᠰᠤᠨᠤᠰᠳᠠᠭ᠃ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠳᠡᠭᠡᠨ  ᠵᠢᠭᠠᠭᠰᠠᠨ ᠨᠢ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ  ᠪᠤᠯᠵᠤ᠂ ︽ᠬᠤᠣᠰ ᠵᠠᠭᠤᠨ︾ ᠤ ᠲᠡᠦᠬᠡ ᠶᠢᠨ ᠠᠭᠤᠯᠵᠠᠷ ᠠᠴᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠤ ᠪᠠᠶᠢᠨ᠎ᠠ᠃ ᠠᠶᠠᠨ ᠵᠠᠮ ᠨᠢ ᠤᠷᠲᠤ ᠤᠳᠠᠭᠠᠨ ᠬᠠᠲᠠᠭᠤ ᠪᠡᠷᠭᠡᠰᠢᠶᠡᠯᠲᠡᠢ ᠴᠤ᠂ ᠭᠠᠭᠴᠠ ᠬᠦ  ᠴᠢᠷᠮᠠᠶᠢᠨ ᠲᠡᠮᠡᠴᠡᠵᠦ᠂ ᠵᠤᠷᠢᠭᠲᠡᠢ ᠤᠷᠤᠭᠰᠢᠯᠠᠪᠠᠯ ᠰᠠᠶ᠋ᠢ ᠨᠡᠩ ᠭᠡᠷᠡᠯ ᠰᠠᠴᠤᠷᠠᠩᠭᠤᠢ  ᠠᠮᠵᠢᠯᠲᠠ ᠤᠯᠵᠤ ᠴᠢᠳᠠᠬᠤ ᠶᠤᠮ ᠭᠡᠬᠦ ᠦᠭᠡ ᠶᠠᠷᠢᠶ᠎ᠠ ᠨᠢ ᠠᠩᠭᠢ ᠶᠢᠨ ᠳᠠᠷᠤᠭ᠎ᠠ ᠪᠠᠢ ᠸᠧᠨ ᠴᠢᠤᠸᠠᠨ ᠤ ᠡᠷᠴᠢ ᠵᠣᠷᠢᠭ ᠢ ᠶᠡᠭᠡᠲᠠ ᠬᠥᠪᠴᠢᠯᠡᠵᠦ᠂ ᠮᠠᠰᠢ ᠶᠡᠭᠡ ᠵᠣᠷᠢᠭᠵᠢᠭᠤᠯᠤᠯ ᠣᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠩᠬᠢ ᠳᠤ ᠠᠵᠢᠯᠯᠠᠭᠰᠠᠨ 6 ᠵᠢᠯ ᠤᠨ ᠬᠤᠭᠤᠴᠠᠭᠠᠨ ᠳᠠᠭᠠᠨ᠂ ᠪᠠᠢ ᠸᠧᠨ ᠴᠢᠤᠸᠠᠨ ᠤᠷᠢᠳ ᠬᠤᠵᠢᠳ ᠬᠦᠨᠳᠦ ᠶᠡᠭᠡ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ ᠳᠤ 300 ᠭᠠᠷᠤᠢ ᠤᠳᠠᠭ᠎ᠠ ᠣᠷᠣᠯᠴᠠᠵᠤ᠂ 2020 ᠣᠨ ᠳᠤ ᠪᠠᠢ ᠸᠧᠨ ᠴᠢᠤᠸᠠᠨ ᠪᠠᠰᠠ ᠢᠷᠠᠭᠤ ᠠᠯᠳᠠᠷᠲᠠᠢ ᠪᠠᠷ ᠡᠪ ᠬᠠᠮᠲᠤ ᠨᠠᠮ ᠤᠨ ᠭᠡᠰᠢᠭᠦᠨ ᠪᠣᠯᠪᠠ᠃    ᠨᠢᠭᠡᠨᠲᠡ ᠠᠵᠢᠯ ᠠᠴᠠ ᠪᠠᠨ ᠠᠮᠠᠷᠠᠭᠠᠳ 8 ᠵᠢᠯ ᠪᠤᠯᠵᠤ ᠪᠡᠶᠢᠭ᠎ᠠ ᠪᠠᠭᠰᠢ ᠭᠤᠤ ᠷᠦᠩ ᠬᠤᠸᠠ ᠵᠢᠯ ᠪᠦᠷᠢ ᠬᠡᠷ ᠲᠡᠭᠡᠨ ᠲᠡᠷᠢᠭᠦᠯᠡᠭᠴᠢ ᠰᠢ ᠶᠢᠨ ᠫᠢᠩ ᠤᠨ ᠨᠡᠶᠢᠲᠡᠯᠡᠭᠰᠡᠨ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠴᠤ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ  ᠶᠢ ᠨᠠᠷᠢᠨ ᠬᠢᠨᠠᠮᠠᠭᠠᠶ ᠣᠶᠢᠯᠠᠭᠠᠵᠤ ᠪᠠᠶᠢᠯ᠎ᠠ᠂ ᠲᠡᠷᠢᠭᠦᠯᠡᠭᠴᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠨᠢ ᠬᠥᠮᠦᠨ ᠤ ᠶᠢᠷᠲᠢᠨᠴᠦ ᠶᠢᠨ ᠠᠭᠤᠤ ᠬᠠᠶᠢᠷ᠎ᠠ ᠶᠢ ᠬᠠᠷᠠᠭᠤᠯᠵᠤ᠂ ᠦᠢ ᠲᠦᠮᠡᠨ ᠤ ᠬᠠᠳᠠᠨ ᠵᠣᠷᠢᠭ ᠢᠶᠠᠷ ᠪᠤᠯᠤᠳ ᠭᠡᠷᠡᠮ ᠢ ᠴᠤᠭᠴᠠᠯᠠᠵᠤ᠂ ᠬᠢᠵᠢᠭ ᠲᠠᠢ ᠲᠡᠮᠡᠴᠡᠭᠰᠡᠨ ᠲᠤᠤᠯᠢᠰ ᠢ ᠰᠢᠨᠲᠠᠷᠠᠰᠢ ᠥᠬᠡᠶ ᠪᠢᠴᠢᠭᠯᠡᠭᠰᠠᠨ︾ ᠭᠡᠵᠦ  ᠬᠡᠯᠡᠬᠦ ᠶᠢ ᠰᠤᠨᠤᠰᠤᠭᠠᠳ᠂ ᠭᠤᠤ ᠷᠦᠩ  ᠬᠤᠸᠠ ᠨᠠᠰᠤᠲᠠᠨ ᠲᠦᠢᠯ ᠢᠶᠠᠷ ᠰᠡᠳᠬᠢᠯ ᠲᠤᠭᠳᠤᠯᠵᠤ ᠪᠠᠶᠢᠯ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号