ᠯᠦᠸᠧ ᠬᠤ᠋ ᠽᠠᠢ ᠪᠦᠬᠦ ᠠᠶᠢᠮᠠᠭ ᠤᠨ  ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/7
    1 ᠳ᠋ᠦ᠋ᠭᠡᠷ ᠰᠠᠷ᠎ᠠ ᠶᠢᠨ 5᠎ ᠤ  ᠡᠳᠦᠷ ᠤᠨ  ᠦᠳᠡ ᠶᠢᠨ  ᠡᠮᠦᠨ᠎ᠡ᠂ ᠠᠶᠢᠮᠠᠭ  ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠦᠸᠧ ᠬᠤ᠋ ᠽᠠᠢ ᠠᠴᠠ  ᠪᠦᠬᠦ ᠠᠶᠢᠮᠠᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳᠠᠷᠴᠤᠳ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠲᠣᠳᠤᠷᠬᠠᠶᠢᠯᠠᠨ ᠬᠠᠷᠢᠭᠤᠴᠠᠯᠭ᠎ᠠ ᠪᠠᠨ ᠣᠶᠢᠯᠠᠭᠠᠵᠤ᠂ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢ ᠰᠢᠯᠭᠠᠨ ᠬᠠᠷᠢᠭᠤᠴᠠᠯᠭ᠎ᠠ ᠨᠡᠬᠡᠮᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠶᠠᠪᠤᠭᠳᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠠᠶᠢᠮᠠᠭ ᠤᠨ ᠤᠳᠤᠷᠢᠳᠤᠯᠭ᠎ᠠ ᠾᠦᠸᠧ ᠵᠣᠣ ᠯᠢᠶᠠᠩ᠂ ᠸᠠᠩ ᠶᠦᠩ ᠮᠢᠩ᠂ ᠸᠠᠩ ᠷᠦᠢ᠂ ᠡᠩᠬᠡᠲᠦ᠋ᠪᠰᠢᠨ᠂ ᠵᠧᠦ ᠰᠢᠶᠠᠩ ᠸᠧᠢ ᠨᠠᠷ ᠬᠤᠷᠠᠯ ᠳᠤ ᠣᠷᠣᠯᠴᠠᠪᠠ᠃ ᠠᠶᠢᠮᠠᠭ ᠤᠨ ᠰᠢᠭᠤᠳ ᠬᠠᠷᠢᠶ᠎ᠠ  ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃     ᠬᠤᠷᠠᠯ ᠳᠡᠭᠡᠷ᠎ᠡ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ︾ ᠪᠠ  ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ︿ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ﹀᠎ ᠢ ᠬᠡᠷᠡᠭᠵᠢᠭᠦᠯᠬᠦ ᠠᠷᠭ᠎ᠠ︾᠎ ᠶᠢ ᠭᠦᠨᠵᠡᠭᠡᠢ ᠰᠤᠷᠤᠯᠴᠠᠵᠤ᠂ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ᠂ 2020 ᠣᠨ ᠤ ᠪᠦᠬᠦ ᠠᠶᠢᠮᠠᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠵᠢᠴᠢ 2021 ᠣᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯ ᠠᠴᠠ ᠵᠢᠭᠠᠬᠤ ᠳᠠᠭᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠪᠣᠯ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠢ ᠭᠠᠷᠲᠠᠴᠠ ᠪᠣᠯᠣᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠨᠠᠮ ᠤᠨ ᠭᠡᠰᠢᠭᠦᠨ ᠤᠳᠤᠷᠢᠳᠬᠤ ᠺᠠᠳᠠᠷᠴᠤᠳ ᠤᠳᠤᠷᠢᠳᠤᠯᠭ᠎ᠠ ᠨᠠᠷ ᠤᠨ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠵᠠᠰᠠᠭ ᠶᠠᠪᠤᠭᠤᠯᠬᠤ ᠪᠠᠶᠢᠷᠢ ᠰᠠᠭᠤᠷᠢ ᠶᠢ ᠪᠠᠲᠤᠳᠬᠠᠬᠤ ᠥᠨᠳᠦᠷᠴᠡ ᠠᠴᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠴᠢᠬᠤᠯᠠ ᠶᠡᠭᠡ ᠠᠴᠢ ᠬᠤᠯᠪᠤᠭᠳᠠᠯ ᠢ ᠭᠦᠨᠵᠡᠭᠡᠢ ᠲᠠᠨᠢᠵᠤ᠂  ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠬᠢᠭᠡᠳ ᠪᠤᠳᠠᠳᠤ ᠡᠭᠦᠷᠭᠡ ᠪᠠᠨ ᠤᠯᠠᠮ ᠲᠣᠳᠤᠷᠬᠠᠶᠢᠯᠠᠵᠤ᠂ ᠪᠤᠳᠠᠳᠠᠢ ᠲᠠᠢ ᠪᠠᠨ ᠤᠶᠠᠯᠳᠤᠭᠤᠯᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠢᠨᠠᠮᠠᠭᠠᠢ ᠰᠤᠳᠤᠯᠤᠨ ᠳᠣᠭᠲᠠᠭᠠᠵᠤ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠡᠭᠦᠷᠭᠡ ᠲᠣᠳᠣᠷᠬᠠᠢ᠂ ᠠᠵᠢᠯ ᠤᠨ ᠲᠥᠷᠥᠯ ᠲᠤᠲᠠᠬᠤ ᠦᠭᠡᠢ᠂ ᠣᠷᠬᠢᠭᠳᠠᠬᠤ ᠦᠭᠡᠢ᠂ ᠡᠭᠦᠷᠭᠡ ᠶᠢ ᠠᠳᠬᠤᠬᠤ ᠬᠦᠮᠦᠨ ᠲᠠᠢ᠂ ᠬᠠᠮᠢᠶᠠᠷᠬᠤ ᠬᠦᠮᠦᠨ ᠲᠠᠢ ᠪᠠᠶᠢᠬᠤ ᠶᠢ ᠪᠠᠲᠤᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠦᠷᠢᠨ ᠪᠦᠲᠦᠨ ᠬᠡᠯᠬᠢᠶᠡᠰᠦ ᠶᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠴᠢᠬᠤᠯᠠ ᠶᠡᠭᠡ ᠣᠯᠣᠰ ᠲᠥᠷᠥ ᠶᠢᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠳᠤᠷᠢᠳᠬᠤ ᠪᠠᠭ ᠪᠦᠬᠦ ᠲᠠᠯ᠎ᠠ ᠪᠠᠷ ᠤᠳᠤᠷᠢᠳᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢ ᠨᠢᠮᠪᠠᠢ ᠭᠦᠢᠴᠡᠳᠬᠡᠨ᠂ ᠤᠳᠤᠷᠢᠳᠬᠤ ᠪᠠᠭ ᠤᠨ ᠭᠡᠰᠢᠭᠦᠳ ︽ᠨᠢᠭᠡ ᠠᠵᠢᠯ ᠤᠨ ᠪᠠᠶᠢᠷᠢᠨ ᠳᠠᠬᠢ ᠬᠤᠣᠰ ᠬᠠᠷᠢᠭᠤᠴᠠᠯᠭ᠎ᠠ︾᠎ ᠶᠢ ᠦᠨᠡᠨᠬᠦ ᠭᠦᠢᠴᠡᠳᠬᠡᠵᠦ᠂ ᠱᠠᠲᠤ ᠳᠠᠷᠠᠭᠠᠯᠠᠨ ᠳᠠᠷᠦᠯᠲᠠ ᠥᠭᠴᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶᠠᠨ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠠᠨ ᠬᠠᠮᠲᠤᠪᠠᠷ ᠬᠠᠮᠢᠶᠠᠷᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠤᠬᠢᠶᠠᠨ ᠪᠠᠶᠢᠭᠤᠯᠠᠨ ᠵᠣᠬᠢᠴᠠᠭᠤᠯᠬᠤ᠂ ᠡᠯ᠎ᠡ ᠰᠠᠯᠠᠭ᠎ᠠ ᠮᠦᠴᠢᠷ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠣᠯᠠᠨ ᠲᠦᠮᠡᠨ ᠢᠳᠡᠪᠬᠢᠲᠡᠢ ᠣᠷᠣᠯᠴᠠᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠳᠬᠤᠬᠤ ᠢᠯᠡ ᠲᠣᠳᠣᠷᠬᠠᠢ ᠵᠢᠯᠤᠭᠤᠳᠤᠮᠵᠢ ᠶᠢ ᠪᠣᠢ ᠪᠣᠯᠭᠠᠨ᠂ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠳᠦᠷᠢᠮ ᠢ ᠤᠯᠠᠮ ᠪᠦᠷᠢᠨᠰᠢᠭᠦᠯᠦᠨ᠂ ᠦᠷ᠎ᠡ ᠪᠦᠲᠦᠮᠵᠢ ᠶᠢᠨ ᠬᠡᠷᠡᠭᠯᠡᠯᠲᠡ ᠪᠠ ᠱᠠᠩᠨᠠᠵᠤ ᠲᠣᠷᠭᠠᠬᠤ ᠠᠷᠭ᠎ᠠ ᠶᠢ ᠢᠵᠢ ᠪᠦᠷᠢᠯᠳᠦᠭᠦᠯᠦᠨ ᠲᠣᠭᠲᠠᠭᠠᠵᠤ᠂ ᠬᠢᠨᠠᠨ ᠪᠠᠶᠢᠴᠠᠭᠠᠵᠤ ᠰᠢᠯᠭᠠᠨ ᠦᠨᠡᠯᠡᠬᠦ ︽ᠲᠣᠬᠢᠭᠤᠷ︾ ︽ᠵᠦᠭᠯᠡᠭᠦᠷ︾᠎ ᠤᠨ ᠦᠢᠯᠡᠳᠦᠯ ᠢ ᠪᠦᠳᠦᠮᠵᠢᠲᠡᠢ ᠪᠠᠳᠠᠷᠠᠭᠤᠯᠬᠤ ᠬᠡᠷᠡᠭᠲᠡᠢ᠃ ᠡᠯ᠎ᠡ ᠱᠠᠳᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠤᠨ ᠦᠷᠨᠢᠭᠦᠵᠦ᠂ ᠬᠠᠷᠢᠭᠤᠴᠠᠯᠭ᠎ᠠ ᠠᠯᠳᠠᠪᠠᠯ ᠡᠷᠬᠡᠪᠰᠢ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶᠢᠬᠤ ᠶᠢ ᠪᠠᠶᠢᠩᠭᠤᠵᠢᠭᠤᠯᠵᠤ᠂ ᠴᠢᠩᠭ᠎ᠠ ᠬᠦᠴᠦᠲᠡᠢ ᠰᠠᠬᠢᠯᠭ᠎ᠠ ᠪᠠᠲᠤ ᠶᠢᠨ ᠠᠷᠭ᠎ᠠ ᠪᠠᠷᠢᠯ ᠢᠶᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号