ᠾᠥᠸᠧ ᠵᠣᠣ ᠯᠢᠶᠠᠩ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠠᠢ
ᠨᠡᠶᠢᠲᠡᠯᠡᠭᠰᠡᠨ ᠴᠠᠭ᠄
2021/1/7
    1 ᠳ᠋ᠤᠭᠡᠷ ᠰᠠᠷ᠎ᠠ ᠶᠢᠨ 4᠎ ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠠᠩᠬᠠᠳᠤᠭᠠᠷ ᠤᠳᠠᠭ᠎ᠠ ᠎ ᠶᠢᠨ ᠬᠠᠮᠲᠤ ᠎ ᠶᠢᠨ ᠰᠤᠷᠤᠯᠴᠠᠯᠭ᠎ᠠ ᠎ ᠶᠢ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠦᠸᠧ ᠵᠣᠣ ᠯᠢᠶᠠᠩ  ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃     ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠥᠪᠡᠷ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ᠦᠷ᠎ᠡ ᠪᠦᠲᠦᠮᠵᠢ ᠪᠠ ᠠᠷᠭ᠎ᠠ ᠬᠢᠳᠡᠯ ᠲᠠᠢ ᠪᠠᠷᠢᠮᠵᠢᠶᠠᠯᠠᠨ ᠬᠠᠷᠭᠤᠭᠤᠯᠵᠤ᠂  ᠵᠦᠷᠢᠶ᠎ᠡ ᠪᠠ  ᠳᠤᠳᠠᠭᠳᠠᠯ ᠢᠶᠠᠨ ᠡᠷᠢᠵᠦ᠂ ᠰᠡᠳᠬᠢᠴᠡ ᠪᠠ ᠠᠷᠭ᠎ᠠ  ᠪᠠᠷᠢᠯ ᠎ ᠢᠶᠠᠨ  ᠶᠠᠷᠢᠯᠴᠠᠪᠠ᠃     ᠰᠤᠷᠤᠯᠴᠠᠯᠭ᠎ᠠ ᠠᠴᠠ ᠵᠢᠭᠠᠪᠦᠷᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠬᠠᠷᠠᠯᠲᠠ᠂ ᠭᠤᠣᠯᠳᠠᠯᠭ᠎ᠠ ᠪᠣᠯᠤᠨ᠎ᠠ᠃ ︽ᠳᠥᠷᠪᠡᠨ ᠤᠬᠠᠮᠰᠠᠷ︾᠎ ᠢᠶᠠᠨ ᠴᠢᠩᠭᠠᠯᠠᠬᠤ᠂ ︽ᠳᠥᠷᠪᠡᠨ ᠢᠲᠡᠭᠡᠯ︾᠎ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠦ᠂ ᠰᠤᠷᠤᠯᠴᠠᠬᠤ ᠰᠡᠳᠬᠢᠬᠦ  ᠦᠢᠯᠡᠳᠦᠯᠭᠡᠵᠢᠭᠦᠯᠬᠦ  ᠤᠬᠠᠮᠰᠠᠷᠯᠠᠬᠤ ᠤᠯᠤᠰ ᠲᠥᠷᠥ ᠶᠢᠨ ᠤᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨ  ᠶᠤᠰᠤᠨ ᠤ  ᠭᠤᠤᠯ ᠠᠭᠤᠯᠭ᠎ᠠ ᠶᠢ ᠡᠵᠡᠮᠳᠡᠬᠦ᠂ ᠠᠭᠤᠯᠤᠭᠳᠠᠬᠤᠨ ᠤ ᠮᠥᠨ ᠴᠢᠨᠠᠷ ᠢ ᠡᠵᠡᠮᠰᠢᠬᠦ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠶᠢᠨ ᠤᠬᠠᠮᠰᠠᠷᠲᠤ ᠴᠢᠨᠠᠷ᠂ ᠰᠢᠰᠲ᠋ᠧᠮᠲᠦ ᠴᠢᠨᠠᠷ ᠪᠣᠯᠤᠨ ᠪᠦᠳᠦᠮᠵᠢᠳᠦ ᠴᠢᠨᠠᠷ ᠢ ᠦᠨᠡᠨ ᠬᠦ  ᠨᠡᠮᠡᠭᠳᠡᠭᠦᠯᠵᠦ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠬᠡᠷᠡᠭᠲᠡᠶ ᠭᠡᠵᠠᠢ᠃     ᠰᠤᠷᠤᠯᠴᠠᠯᠭ᠎ᠠ‌ᠡᠴᠠ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠯ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠢᠨ ᠦᠨᠳᠦᠰᠦᠨ ᠢᠯᠡᠷᠡᠯ ᠶᠤᠮ᠂  ᠮᠦᠨ ᠴᠤ ᠠᠵᠢᠯ ᠤᠨ ᠴᠢᠭᠯᠡᠯ ᠢ ᠣᠨᠣᠪᠴᠢᠲᠠᠶ ᠡᠵᠡᠮᠳᠡᠬᠦ ᠠᠵᠢᠯᠯᠠᠭᠠᠨ ᠤ ᠵᠦᠭᠯᠡᠭᠦᠷ ᠮᠥᠨ᠃ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠪᠣᠳᠠᠲᠠᠢ ᠠᠵᠢᠯ ᠨᠢᠭᠡᠪᠦᠷᠢ ᠨᠢ ᠴᠥᠮ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠤᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ᠂ ᠦᠵᠡᠯ ᠰᠠᠨᠠᠭᠠᠨ ᠤ ᠲᠠᠯ᠎ᠠ ᠪᠠᠷ ᠬᠢ ᠵᠦᠷᠢᠶ᠎ᠡ᠂  ᠠᠵᠢᠯ ᠤᠨ ᠲᠠᠯ᠎ᠠ ᠪᠠᠷ ᠬᠢ ᠠᠯᠳᠠᠭ᠎ᠠ ᠪᠠᠨ ᠴᠠᠭ ᠲᠤᠬᠠᠢ ᠳᠤᠨᠢ ᠬᠠᠷᠭᠤᠭᠤᠯᠵᠤ᠂  ᠮᠡᠳᠡᠬᠦ ᠬᠢᠬᠦ  ᠪᠠᠨ ᠨᠢᠭᠡᠳᠬᠡᠵᠦ᠂ ᠦᠵᠡᠯ ᠰᠠᠨᠠᠭ᠎ᠠ᠂ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠪᠡ᠃     ᠰᠤᠷᠤᠯᠴᠠᠯᠭ᠎ᠠ ᠠᠴᠠ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠪᠣᠯᠤᠨ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠲᠥᠯᠥᠪᠵᠢᠭᠦᠯᠬᠦ ᠬᠡᠷᠡᠭᠲᠡᠶ᠃ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢ ᠬᠤᠪᠢᠳᠠᠨ ᠬᠠᠮᠢᠶᠠᠷᠴᠤ ᠪᠠᠶᠢᠭ᠎ᠠ  ᠰᠠᠯᠠᠭ᠎ᠠ ᠮᠥᠴᠢᠷ ᠪᠠᠶᠢᠭᠤᠯᠭ᠎ᠠ ᠶᠢᠨ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ᠂ ᠪᠠᠶᠢᠩᠭᠤᠵᠢᠭᠤᠯᠤᠨ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢᠨ ᠡᠯ᠎ᠡ ᠬᠦᠷᠢᠶ᠎ᠡ ᠴᠠᠷᠠᠭᠠᠨ ᠳᠤ ᠦᠨᠳᠦᠰᠦᠯᠡᠨ ᠰᠣᠶᠣᠭᠠᠯᠠᠵᠤ᠂ ᠴᠡᠴᠡᠭᠯᠡᠨ ᠵᠢᠮᠢᠰᠯᠡᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号