ᠤᠰᠤ ᠠᠷᠪᠢᠯᠠᠬᠤ ᠭᠤᠣᠯ ᠬᠠᠷᠠᠯᠲᠠ
ᠨᠡᠶᠢᠲᠡᠯᠡᠭᠰᠡᠨ ᠴᠠᠭ᠄
2021/1/7
    ● 2021 ᠳᠤ     ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ᠂  ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 25% ᠪᠠ 20% ᠪᠠᠷ ᠪᠠᠭᠤᠷᠠᠭᠤᠯᠤᠨ᠎ᠠ᠃     ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠤᠰᠤ ᠶᠢ ᠲᠠᠬᠢᠨ ᠠᠰᠢᠬᠯᠠᠬᠤ ᠨᠤᠷᠮ᠎ᠠ ᠶᠢ 91% ᠠᠴᠠ ᠳᠡᠭᠡᠭᠰᠢ ᠪᠤᠯᠭᠠᠨ᠎ᠠ᠃     ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.55 ᠳᠤ ᠬᠦᠷᠭᠡᠨ᠎ᠠ᠃     ᠪᠦᠬᠦ ᠤᠷᠤᠨ ᠤ ᠤᠯᠠᠨ ᠨᠡᠶᠢᠲᠠ ᠶᠢᠨ ᠤᠰᠤ ᠬᠠᠩᠭᠠᠬᠤ ᠬᠤᠭᠤᠯᠠᠢ ᠶᠢᠨ ᠨᠡᠪᠴᠢᠬᠦ ᠪᠠ ᠰᠦᠢᠳᠬᠦ ᠨᠤᠷᠮ᠎ᠠ ᠶᠢ 10% ᠶᠢᠨ ᠳᠤᠲᠤᠷ᠎ᠠ ᠬᠢᠵᠠᠭᠠᠷᠯᠠᠨ᠎ᠠ᠃     ● 2022 ᠤᠨ ᠪᠤᠯᠲᠠᠯ᠎ᠠ     ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ᠂  ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 32% ᠪᠠ 28% ᠪᠠᠷ ᠪᠠᠭᠤᠷᠠᠭᠤᠯᠤᠨ᠎ᠠ᠃     ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.56 ᠠᠴᠠ ᠳᠡᠭᠡᠭᠰᠢ ᠪᠤᠯᠭᠠᠨ᠎ᠠ᠃     ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 211.57 ᠳ᠋ᠥᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠳᠤᠲᠤᠷ᠎ᠠ ᠬᠢᠵᠠᠭᠠᠷᠯᠠᠨ᠎ᠠ᠃     ● 2035 ᠤᠨ ᠪᠤᠯᠲᠠᠯ᠎ᠠ     ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 236.25 ᠳ᠋ᠥᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠳᠤᠲᠤᠷ᠎ᠠ ᠬᠢᠵᠠᠭᠠᠷᠯᠠᠨ᠎ᠠ᠃     ᠤᠰᠤᠨ ᠤ ᠡᠬᠢ ᠪᠠᠶᠠᠯᠢᠭ ᠢ ᠠᠷᠪᠢᠯᠠᠬᠤ ᠪᠠ ᠳᠠᠬᠢᠨ ᠠᠰᠢᠬᠯᠠᠯᠲᠠ ᠶᠢ ᠤᠯᠤᠰ ᠤᠨ ᠳᠤᠲᠤᠭᠠᠲᠤ ᠶᠢᠨ ᠲᠡᠷᠢᠬᠦᠨ ᠤ ᠲᠦᠪᠰᠢᠨ ᠳᠤ ᠬᠦᠷᠭᠡᠵᠦ᠂ ᠤᠰᠤᠨ ᠤ ᠡᠬᠢ ᠪᠠᠶᠠᠯᠢᠭ ᠤᠨ ᠠᠰᠢᠬᠯᠠᠯᠲᠠ ᠪᠠ ᠬᠦᠭᠵᠢᠯᠲᠠ ᠶᠢᠨ ᠬᠡᠪᠴᠢᠶᠠᠵᠢᠯ᠂ ᠠᠵᠦ ᠦᠢᠯᠡᠰ ᠤᠨ ᠪᠦᠲᠦᠴᠡ ᠪᠤᠯᠤᠨ ᠤᠷᠤᠨ ᠪᠦᠰᠡ ᠶᠢᠨ ᠲᠦᠯᠦᠪᠵᠢᠬᠦᠯᠬᠡ ᠵᠡᠷᠭᠡ ᠵᠤᠬᠢᠴᠠᠩᠭᠤᠢ ᠬᠦᠭᠵᠢᠭᠰᠡᠨ ᠤᠳᠤᠬᠢᠴᠢᠯᠠᠭᠰᠠᠨ ᠰᠢᠨ᠎ᠠ ᠲᠤᠭᠲᠠᠴᠠ ᠶᠢ ᠪᠦᠷᠢᠯᠳᠦᠬᠦᠯᠦᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号