ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  2021  ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ  ᠡᠷᠬᠢᠯᠠᠪᠠ  ᠯᠦᠸᠧ ᠬᠤ᠋ ᠽᠠᠢ ᠰᠤᠷᠦᠯᠴᠠᠯᠭ᠎ᠠ ᠡᠷᠭᠢᠯᠡᠵᠦ ᠾᠥᠸᠧ ᠵᠣᠣ ᠯᠢᠶᠠᠩ ᠦ᠋ ᠭᠦᠸᠧ ᠳ᠋ᠦᠩ ᠨᠡᠷ ᠣᠷᠣᠯᠴᠠᠪᠠ
ᠨᠡᠶᠢᠲᠡᠯᠡᠭᠰᠡᠨ ᠴᠠᠭ᠄
2021/1/8
    1 ᠳ᠋ᠤᠭᠡᠷ ᠰᠠᠷ᠎ᠠ ᠶᠢᠨ 6᠎ ᠤ ᠡᠳᠤᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠥᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠎ ᠶᠢ ᠡᠷᠭᠢᠯᠡᠨ  ᠂ ᠶᠡᠷᠦᠩᠬᠡᠶ ᠱᠦᠵᠢ ᠰᠢ ᠶᠢᠨ ᠫᠢᠩ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠯᠠᠨ ᠦᠢᠯᠠᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠮᠵᠢᠶᠠᠯᠠᠨ ᠬᠠᠷᠭᠤᠭᠤᠯᠵᠤ ᠰᠡᠳᠬᠢᠴᠡ ᠪᠠᠨ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂  ︽ᠠᠷᠪᠠᠨ ᠳᠥᠷᠪᠡᠳᠦᠭᠡᠷ ᠲᠠᠪᠤᠨ︾᠎  ᠵᠢᠯ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠯᠠᠪᠳᠠᠭᠤᠨ ᠪᠠᠲᠤᠲᠠᠶ ᠦᠵᠡᠯ ᠰᠠᠨᠠᠭᠠᠨ ᠤ ᠰᠠᠭᠤᠷᠢ ᠪᠠᠨ ᠰᠡᠶᠢᠲᠤᠷ  ᠲᠠᠯᠪᠢᠬᠤ ᠶᠢ ᠴᠢᠬᠤᠯᠠᠴᠢᠯᠠᠵᠡᠢ᠃     ᠯᠦᠸᠧ ᠬᠤ᠋ ᠽᠠᠢ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ ᠨᠢ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠬᠠᠨᠳᠤᠰᠢ᠂ ᠭᠤᠣᠯᠳᠠᠯᠭ᠎ᠠ ᠲᠠᠢ ᠡᠭᠦᠷᠭᠡ ᠶᠢ ᠨᠡᠩ ᠭᠦᠨᠵᠡᠭᠡᠢ ᠡᠵᠡᠮᠳᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠡᠨᠡ ᠵᠢᠯ ᠤᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠠᠶᠢᠮᠠᠭ ᠎ ᠢᠶᠠᠷ ᠢᠶᠠᠨ 2020 ᠣᠨ ᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠲᠠᠪᠤᠨ ᠲᠠᠯ᠎ᠠ ᠶᠢᠨ ᠯᠤᠲᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠡᠵᠡᠮᠳᠡᠵᠦ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠮᠠᠨ ᠤ ᠨᠠᠮ ᠤᠨ ︽ᠲᠠᠪᠤᠨ ᠦᠨᠳᠦᠰᠦᠨ︾ ᠵᠢᠮ᠎ᠡ ᠶᠣᠰᠣᠴᠢ ᠴᠢᠨᠠᠷᠲᠠᠶ ᠲᠠᠨᠢᠯᠲᠠ ᠶᠢ ᠭᠦᠨᠵᠡᠭᠡᠶ ᠡᠵᠡᠮᠳᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠤᠨ ᠲᠤᠬᠠᠶ ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠶᠢ ᠭᠦᠨᠵᠡᠭᠡᠶ ᠡᠵᠡᠮᠳᠡᠵᠦ᠂ 2021 ᠣᠨ ᠤ ᠠᠵᠤ ᠠᠬᠤᠶ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠭᠤᠣᠯᠳᠠᠯᠭ᠎ᠠ ᠲᠠᠢ ᠡᠭᠦᠷᠭᠡ ᠪᠠᠶᠢᠷᠢᠯᠠᠭᠤᠯᠤᠯᠲᠠ ᠶᠢ ᠭᠦᠨᠵᠡᠭᠡᠶ ᠡᠵᠡᠮᠳᠡᠵᠦ᠂ ᠨᠠᠮ ᠤᠨ ᠲᠥᠪ ᠬᠤᠷᠢᠶᠠᠨ ᠤ  ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠶ  ᠎ ᠪᠠᠷ ᠦᠢᠯᠠᠳᠤᠯᠭᠡᠵᠢᠭᠦᠯᠤᠨ᠂ ᠨᠠᠮ ᠪᠣᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠦᠢᠯᠡᠴᠢᠯᠡᠬᠦ ᠳᠤᠮᠳᠠ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠬᠡᠪᠠ᠃    ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠪᠣᠯᠤᠨ ᠬᠥᠲᠥᠯᠪᠦᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2021 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠳᠤᠮᠳᠠ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠠᠮ ᠠᠴᠠ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠪᠠᠨ ᠴᠢᠩᠭᠠᠳᠬᠠᠬᠤ ᠤᠯᠤᠰ ᠲᠦᠷᠦ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠤᠬᠠᠮᠰᠠᠷ ᠢᠶᠠᠨ ᠤᠯᠠᠮ ᠨᠢᠭᠡ ᠠᠯᠬᠤᠮ  ᠪᠠᠬᠢᠵᠢᠭᠦᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ  ᠦᠨᠡᠨᠬᠦ ᠪᠠᠲᠤ ᠡᠭᠦᠷᠭᠡᠯᠡᠵᠦ᠂ ᠰᠢᠨ᠎ᠡ ᠴᠠᠭ ᠦᠶ᠎ᠡ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠡᠭᠦᠷᠭᠡᠯᠡᠯ ᠢ  ᠡᠭᠦᠷᠭᠡᠯᠡᠬᠦ ᠬᠡᠷᠡᠭᠲᠡᠢ ᠬᠡᠪᠠ᠃    ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠨᠢᠭᠡᠴᠢ ᠶᠢᠨ ᠪᠠᠶᠢᠩᠭᠤ ᠶᠢᠨ ᠳᠡᠳ᠋  ᠲᠤᠰᠢᠶᠠᠯᠲᠠᠨ᠂ ᠠᠶᠢᠮᠠᠭ ᠤᠨ ᠨᠠᠮ ᠤᠨ ᠬᠤᠷᠢᠶᠠᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ︵ᠥᠭᠡᠷᠡᠴᠢᠯᠡᠯᠲᠡ ᠶᠢᠨ ᠠᠯᠪᠠᠨ ᠬᠡᠷ︶᠎ ᠤᠨ ᠡᠷᠬᠢᠯᠡᠭᠴᠢ  ᠰᠤᠷᠤᠯᠴᠠᠯᠭ᠎ᠠ ᠳᠤ ᠣᠷᠣᠯᠴᠠᠵᠠᠶ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号