ᠡᠪᠦᠯ ᠤᠨ ᠤᠯᠠᠷᠢᠯ ᠳᠤ ᠵᠤᠭᠠᠴᠠᠬᠤ ᠳᠤ ᠠᠩᠬᠠᠷᠬᠤ ᠴᠢᠬᠤᠯᠠᠳᠠᠢ ᠵᠦᠢᠯᠡᠰ
ᠨᠡᠶᠢᠲᠡᠯᠡᠭᠰᠡᠨ ᠴᠠᠭ᠄
2021/1/8
    ᠡᠪᠦᠯ ᠤᠨ ᠤᠯᠠᠷᠢᠯ ᠳᠤ ᠭᠠᠳᠠᠭᠰᠢ ᠭᠠᠷᠴᠤ ᠵᠤᠭᠠᠴᠠᠬᠤ ᠨᠢ ᠪᠤᠰᠤᠳ ᠭᠤᠷᠪᠠᠨ ᠤᠯᠠᠷᠢᠯ ᠳᠤ ᠵᠤᠭᠠᠴᠠᠬᠤ ᠲᠠᠢ ᠠᠳᠠᠯᠢᠳᠬᠠᠪᠠᠯ ᠣᠯᠠᠨ ᠣᠨᠴᠠᠭᠠᠶ ᠲᠤᠬᠢᠶᠠᠯᠳᠤᠯ ᠲᠠᠢ ᠪᠠᠶᠢᠳᠠᠭ᠃ ᠢᠯᠠᠩᠭᠤᠶ᠎ᠠ ᠤᠮᠠᠷᠠᠲᠤ ᠣᠷᠣᠨ ᠤ ᠡᠪᠦᠯ ᠤᠨ ᠤᠯᠠᠷᠢᠯ ᠬᠦᠢᠳᠡᠨ᠂ ᠴᠠᠰᠤ ᠮᠦᠰᠦ ᠲᠠᠢ ᠲᠤᠯᠠ ᠪᠢᠳᠡ ᠴᠠᠭ ᠠᠭᠤᠷ ᠤᠨ ᠪᠠᠶᠢᠳᠠᠯ ᠢ ᠠᠩᠬᠠᠷᠴᠤ᠂ ᠪᠠᠴᠢᠮ ᠪᠠᠶᠢᠳᠠᠯ ᠢ  ᠠᠷᠭᠠᠴᠠᠬᠤ  ᠠᠷᠭ᠎ᠠ ᠶᠢ ᠡᠵᠡᠮᠰᠢᠪᠡᠯ ᠵᠤᠬᠢᠨ᠎ᠠ᠃     1᠂ ᠬᠤᠪᠴᠠᠰᠤ ᠬᠤᠨᠠᠷ ᠢᠶᠠᠨ ᠵᠦᠪ ᠰᠤᠩᠭᠤᠵᠤ ᠪᠡᠶ᠎ᠡ ᠪᠠᠨ ᠲᠤᠯᠠᠭᠠᠯᠠᠨ᠎ᠠ᠃ ᠡᠪᠦᠯ ᠤᠨ ᠤᠯᠠᠷᠢᠯ ᠳᠤ ᠭᠠᠳᠠᠨ᠎ᠠ ᠶᠠᠪᠤᠵᠤ ᠰᠠᠭᠤᠬᠤ ᠳᠤ ᠬᠠᠮᠤᠭ ᠤᠨ ᠴᠢᠬᠤᠯᠠ ᠨᠢ ᠳᠤᠯᠠᠭᠠᠯᠠᠭ᠎ᠠ ᠪᠣᠯᠤᠨ᠎ᠠ᠃ ᠵᠥᠭᠡᠯᠡᠨ ᠮᠦᠷᠳᠡᠭᠡᠨ ᠵᠤᠵᠠᠭᠠᠨ ᠬᠤᠪᠴᠠᠰᠤ ᠡᠮᠦᠰᠴᠤ᠂ ᠪᠡᠭᠡᠯᠡᠢ᠂ ᠮᠠᠯᠠᠭᠠᠢ᠂ ᠬᠦᠵᠦᠭᠦᠨ ᠤ ᠣᠷᠢᠶᠠᠯᠲᠠ ᠵᠡᠭᠦᠨ᠎ᠡ᠃ ᠦᠰᠦ ᠨᠤᠤᠰᠤ ᠲᠠᠢ ᠮᠦᠷᠳᠡᠭᠡᠨ ᠬᠠᠯᠳᠤᠷᠢᠬᠤ ᠶᠢ ᠰᠡᠷᠭᠡᠶᠢᠯᠡᠬᠦ ᠱᠠᠬᠠᠶ ᠡᠮᠦᠰᠦᠨ᠎ᠡ᠃ ᠢᠡᠭᠬᠢᠪᠡᠯ ᠮᠥᠰᠥ ᠴᠠᠰᠤᠨ ᠳᠤ ᠬᠠᠯᠳᠤᠷᠢᠵᠤ ᠣᠶᠢᠴᠢᠬᠤ ᠶᠢ ᠰᠡᠷᠭᠡᠶᠢᠯᠡᠵᠦ ᠴᠢᠳᠠᠬᠤ ᠪᠦᠭᠡᠳ ᠠᠭᠤᠯᠠ ᠠᠪᠠᠷᠢᠵᠤ ᠶᠠᠪᠤᠬᠤ ᠳᠤ ᠴᠤ ᠠᠰᠢᠭᠲᠠᠶ ᠪᠠᠶᠢᠳᠠᠭ᠃ ᠡᠭᠦᠨ ᠤ ᠬᠠᠮᠲᠤ ᠪᠠᠰᠠ ᠢᠯᠡᠭᠦᠦ ᠬᠡᠳᠦᠨ ᠵᠠᠬ᠎ᠠ ᠵᠤᠵᠠᠭᠠᠨ ᠬᠤᠪᠴᠠᠰᠤ ᠠᠪᠴᠤ ᠶᠠᠪᠤᠬᠤ ᠬᠡᠷᠡᠭᠲᠡᠢ᠂ ᠬᠥᠯᠥᠰᠥ ᠭᠠᠳᠠᠭᠰᠢᠯᠠᠭᠤᠯᠬᠤ ᠴᠢᠳᠠᠪᠤᠷᠢ ᠪᠠᠷ ᠠᠨᠠᠢ ᠬᠤᠪᠴᠠᠰᠤ ᠡᠮᠦᠰᠴᠦ ᠪᠣᠯᠬᠤ ᠦᠭᠡᠢ᠃     2᠂ ᠠᠷᠠᠰᠤ ᠪᠠᠨ ᠬᠠᠮᠠᠭᠠᠯᠠᠨ᠎ᠠ᠃ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠳᠣᠣᠷ᠎ᠠ᠂ ᠭᠠᠩ ᠬᠠᠭᠤᠷᠠᠶ ᠮᠥᠷᠲᠡᠭᠡᠨ ᠰᠠᠯᠬᠢ ᠶᠡᠭᠡ᠃ ᠲᠡᠶᠢᠮᠦ ᠠᠴᠠ ᠲᠣᠰᠣᠯᠢᠭ ᠴᠢᠨᠠᠷ ᠢᠶᠠᠷ ᠨᠡᠯᠢᠶᠡᠳ ᠵᠦᠭᠡᠷ᠂ ᠤᠰᠤ ᠨᠦᠭᠦᠪᠦᠷᠢᠯᠡᠬᠦ ᠴᠢᠨᠠᠷ ᠢᠶᠠᠷ ᠰᠠᠶᠢᠨ ᠠᠷᠠᠰᠤ ᠬᠠᠮᠠᠭᠠᠯᠠᠬᠤ ᠡᠳ᠋ ᠲᠦᠷᠬᠢᠵᠤ ᠠᠷᠠᠰᠤ ᠬᠦᠯᠳᠡᠵᠤ ᠬᠠᠭᠠᠷᠠᠬᠤ ᠶᠢ ᠰᠡᠷᠭᠡᠶᠢᠯᠡᠨ᠎ᠡ᠃ ᠡᠪᠦᠯ ᠤᠨ ᠤᠯᠠᠷᠢᠯ ᠤᠨ ᠬᠦᠷᠢᠨ ᠤ ᠭᠠᠳᠠᠨᠠᠬᠢ ᠲᠤᠶᠠᠭ᠎ᠠ ᠴᠤ ᠨᠡᠯᠢᠶᠡᠳ ᠴᠢᠩᠭ᠎ᠠ ᠪᠠᠶᠢᠳᠠᠭ ᠪᠣᠯᠬᠤᠷ ᠨᠠᠷᠠᠨ  ᠳᠤ ᠰᠢᠷᠠᠭᠳᠠᠬᠤ ᠎ ᠶᠢ ᠰᠡᠷᠭᠡᠶᠢᠯᠡᠬᠦ  ᠲᠣᠰᠣ ᠶᠢ  ᠵᠣᠬᠢᠬᠤ ᠬᠡᠮᠵᠢᠶ᠎ᠡ ᠪᠠᠷ ᠪᠡᠯᠡᠳᠬᠡᠵᠦ ᠪᠣᠯᠤᠨ᠎ᠠ᠃     3᠂ ᠨᠢᠳᠦ ᠪᠠᠨ  ᠬᠠᠮᠠᠭᠠᠯᠠᠨ᠎ᠠ᠃ ᠨᠡᠷᠡᠨ  ᠤ ᠰᠢᠯ  ᠪᠡᠯᠡᠳᠬᠡᠵᠦ᠂ ᠴᠠᠰᠤᠨ ᠤ ᠣᠶᠢᠯᠲᠠ ᠶᠢᠨ ᠭᠡᠷᠡᠯ ᠨᠢᠳᠦ  ᠬᠢᠯᠠᠰᠬᠤ ᠠᠴᠠ  ᠰᠡᠷᠭᠡᠶᠢᠯᠡᠬᠦ  ᠬᠡᠷᠡᠭᠲᠡᠢ᠃ ᠬᠠᠮᠤᠭ  ᠰᠠᠶᠢᠨ ᠨᠢ  ᠨᠢᠭᠤᠭᠳᠠᠮᠠᠯ  ᠨᠢᠳᠦᠨ  ᠰᠢᠯ ᠵᠡᠭᠦᠬᠦ ᠠᠴᠠ ᠵᠠᠶᠢᠯᠠᠰᠬᠢᠨ᠎ᠡ᠃     4᠂ ᠬᠠᠯᠳᠤᠷᠢᠵᠤ ᠤᠢᠢᠴᠢᠬᠤ ᠶᠢ ᠰᠡᠷᠭᠡᠶᠢᠯᠡᠨ᠎ᠡ᠃ ᠮᠥᠰᠥᠨ ᠳᠡᠭᠡᠷ᠎ᠡ ᠠᠯᠬᠤᠬᠤ ᠳᠤ ᠡᠪᠦᠳᠦᠭ ᠢᠶᠠᠨ ᠵᠢᠭᠠᠬᠠᠨ ᠨᠤᠭᠤᠷᠠᠭᠤᠯᠵᠤ᠂ ᠪᠡᠶ᠎ᠡ ᠶᠢᠨ ᠬᠦᠨᠳᠦ ᠶᠢᠨ ᠲᠥᠪ ᠢᠶᠠᠨ ᠤᠷᠤᠭᠰᠢ ᠬᠡᠯᠪᠠᠶᠢᠯᠭᠡᠪᠡᠯ ᠠᠮᠠᠷᠬᠠᠨ ᠣᠶᠢᠴᠢᠬᠤ ᠥᠬᠡᠶ᠂ ᠪᠠᠰᠠ ᠪᠣᠳᠠᠲᠠᠶ ᠪᠠᠶᠢᠳᠠᠯ ᠢᠶᠠᠨ ᠦᠨᠳᠦᠰᠦᠯᠡᠨ ᠮᠥᠰᠥ ᠴᠠᠰᠤᠨ ᠤ ᠪᠠᠭᠠᠵᠢ ᠶᠢ ᠰᠣᠩᠭᠤᠨ ᠬᠡᠷᠡᠭᠯᠡᠵᠤ ᠪᠤᠯᠤᠨ᠎ᠠ᠃     5᠂ ᠭᠡᠷᠡᠯ ᠵᠢᠷᠤᠭ ᠤᠨ ᠮᠠᠰᠢᠨ ᠤ ᠳ᠋ᠢᠶᠠᠨ ᡂᠢ ᠶᠢᠨ ᠳᠤᠯᠠᠭᠠᠨ ᠢᠶᠠᠨ ᠬᠠᠮᠠᠭᠠᠯᠠᠨ᠎ᠠ᠃ ᠭᠡᠷᠡᠯ ᠵᠢᠷᠤᠭ ᠤᠨ ᠮᠠᠰᠢᠨ ᠳᠣᠲᠣᠷᠠᠬᠢ ᠳ᠋ᠢᠶᠠᠨ ᡂᠢ ᠨᠢ ᠳᠣᠣᠷ᠎ᠠ ᠳᠤᠯᠠᠭᠠᠨ ᠳᠤ ᠬᠡᠪ ᠤᠨ ᠶᠣᠰᠣᠭᠠᠷ ᠠᠵᠢᠯᠯᠠᠵᠤ ᠴᠢᠳᠠᠬᠤ ᠤᠶᠢᠭᠡᠢ ᠪᠠᠶᠢᠳᠠᠭ᠃ ᠡᠶᠢᠮᠦ ᠠᠴᠠ ᠳᠤᠯᠠᠭᠠᠨ ᠤ ᠬᠡᠮᠵᠢᠶ᠎ᠡ ᠬᠡᠲᠦ ᠳᠣᠣᠷ᠎ᠠ ᠪᠠᠶᠢᠳᠠᠯ ᠳᠤ ᠪᠡᠶ᠎ᠡ ᠳᠡᠭᠡᠨ ᠨᠠᠭᠠᠯᠳᠤᠭᠰᠠᠨ ᠬᠠᠷᠮᠠᠨ ᠳᠠᠭᠠᠨ ᠢᠯᠡᠭᠦᠦ ᠨᠢᠭᠡ ᠳ᠋ᠢᠶᠠᠨ ᡂᠢ ᠠᠪᠴᠤ ᠪᠡᠶ᠎ᠡ ᠶᠢᠨ ᠲᠤᠯᠠᠭᠠᠨ ᠢᠶᠠᠷ ᠢᠶᠠᠨ ᠳ᠋ᠢᠶᠠᠨ ‍ᠤᠤᠢ ᠎ ᠶᠢ ᠬᠠᠮᠠᠭᠠᠯᠠᠵᠤ ᠶᠠᠪᠤᠬᠤ ᠬᠡᠷᠡᠭᠲᠡᠢ᠃     6᠂ ᠠᠭᠤᠷ ᠠᠮᠢᠰᠬᠤᠯ ᠭᠡᠨᠡᠳᠲᠡ ᠬᠤᠪᠢᠷᠠᠬᠤ ᠦᠶᠡᠰ ︵ᠭᠡᠨᠡᠳᠲᠡ ᠶᠡᠭᠡ ᠰᠠᠯᠬᠢ ᠬᠥᠳᠡᠯᠬᠦ᠂ ᠠᠭᠠᠷ ᠤᠨ ᠳᠤᠯᠠᠭᠠᠨ ᠭᠡᠨᠡᠳᠲᠡ ᠪᠠᠭᠤᠷᠠᠬᠤ᠂ ᠴᠠᠰᠤ ᠬᠠᠶᠠᠯᠠᠬᠤ ᠵᠡᠷᠭᠡ︶ ᠭᠡᠷ ᠤᠨ ᠭᠠᠳᠠᠨ᠎ᠠ ᠬᠥᠳᠡᠯᠭᠡᠭᠡᠨ ᠬᠢᠬᠦ ᠪᠠᠨ ᠵᠣᠭᠰᠣᠭᠠᠵᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠤᠨ᠎ᠠ᠃  ᠡᠶᠢᠮᠦ ᠪᠠᠶᠢᠳᠠᠯ ᠲᠤᠤᠷ᠎ᠠ ᠭᠠᠭᠴᠠᠭᠠᠷ ᠬᠥᠳᠡᠯᠭᠡᠭᠡᠨ ᠬᠢᠬᠦ ᠪᠤᠶᠤ ᠭᠠᠭᠴᠠᠭᠠᠷ ᠵᠤᠭᠠᠴᠠᠨ ᠠᠶᠠᠯᠠᠬᠤ ᠦᠭᠡᠢ ᠪᠤᠯ ᠵᠤᠬᠢᠨ᠎ᠠ᠃     7᠂ ᠢᠳᠡᠭᠡᠨ ᠤᠮᠳᠠᠭᠠᠨ ᠢᠶᠠᠨ ᠰᠠᠶᠢᠬᠠᠨ ᠵᠤᠬᠢᠴᠠᠭᠤᠯᠤᠨ᠎ᠠ᠃ ᠡᠪᠦᠯ ᠤᠨ ᠤᠯᠠᠷᠢᠯ ᠳᠤ ᠢᠯᠡᠭᠦᠬᠡᠨ ᠤᠰᠤ ᠤᠤᠭᠤᠵᠤ ᠢᠯᠡᠭᠦᠬᠡᠨ ᠵᠢᠮᠢᠰ ᠢᠳᠡᠪᠡᠯ ᠵᠣᠬᠢᠨ᠎ᠠ᠃ ᠬᠡᠪᠡᠴᠤ ᠬᠡᠭᠡᠷ᠎ᠡ ᠭᠠᠳᠠᠨ᠎ᠠ ᠬᠥᠳᠡᠯᠭᠡᠭᠡᠨ ᠬᠢᠬᠦ ᠪᠤᠶᠤ ᠲᠤᠭᠤᠷᠢᠨ ᠵᠤᠭᠠᠴᠠᠬᠤ ᠶᠠᠪᠤᠴᠠ ᠳᠤ ᠴᠠᠭ ᠲᠤᠬᠠᠢ ᠳᠠᠭᠠᠨ ᠤᠰᠤ ᠤᠤᠭᠤᠬᠤ ᠳᠤ ᠲᠦᠭᠦᠮ ᠦᠭᠡᠢ ᠲᠤᠯᠠ ᠪᠡᠶ᠎ᠡ ᠳᠡᠭᠡᠨ ᠬᠤᠭᠤᠯᠠᠢ ᠨᠤᠷᠭᠠᠬᠤ ᠡᠳ᠋ ᠠᠪᠴᠤ ᠶᠠᠪᠤᠬᠤ ᠴᠢᠬᠤᠯᠠᠳᠠᠢ ᠪᠠᠶᠢᠳᠠᠭ᠃ ᠬᠤᠭᠤᠯᠠᠢ ᠨᠤᠷᠭᠠᠬᠤ ᠡᠳ᠋ ᠨᠢ ᠤᠮᠳᠠᠭᠠᠰᠬᠤ ᠰᠡᠷᠡᠯ ᠢ ᠨᠠᠮᠳᠠᠭᠤᠯᠬᠤ ᠦᠢᠯᠡᠳᠦᠯ ᠲᠠᠢ᠃ ᠡᠪᠦᠯ ᠠᠶᠠᠯᠠᠵᠤ ᠵᠤᠭᠠᠴᠠᠬᠤ ᠳᠠᠭᠠᠨ ᠡᠨᠧᠷᠭᠢ ᠶᠡᠬᠡᠲᠡᠶ ᠢᠳᠡᠭᠡᠨ ᠢ ᠢᠯᠡᠭᠦᠤ ᠰᠢᠭ ᠢᠳᠡᠪᠡᠯ ᠰᠠᠶᠢᠨ ᠶᠤᠮ᠃     8᠂ ᠬᠦᠯᠳᠡᠬᠦ ᠠᠴᠠ ᠰᠡᠷᠭᠡᠶᠢᠯᠡᠨ᠎ᠡ᠃ ᠡᠪᠦᠯ ᠤᠨ ᠤᠯᠠᠷᠢᠯ ᠤᠨ ᠳᠤᠯᠠᠭᠠᠨ ᠤ ᠬᠡᠮᠵᠢᠶ᠎ᠡ ᠳᠣᠣᠷ᠎ᠠ᠂ ᠬᠠᠬᠢᠷ ᠬᠦᠢᠳᠡᠨ ᠤᠷᠤᠨ ᠢᠶᠠᠷ ᠵᠤᠭᠠᠴᠠᠪᠠᠯ ᠬᠠᠴᠠᠷ ᠨᠢᠭᠤᠷ᠂ ᠬᠦᠯ ᠭᠠᠷ ᠤᠨ ᠬᠡᠰᠡᠭ ᠠᠮᠠᠷᠬᠠᠨ ᠬᠥᠯᠳᠡᠵᠦ ᠰᠢᠷᠬᠠᠳᠤᠳᠠᠭ᠃ ᠲᠡᠶᠢᠮᠦ ᠠᠴᠠ ᠨᠢᠭᠤᠷ ᠤᠨ ᠠᠷᠠᠰᠤ ᠪᠤᠶᠤ ᠬᠦᠯ ᠭᠠᠷ ᠤᠨ ᠬᠤᠷᠤᠭᠤ ᠮᠢᠨᠴᠦᠭᠦᠷᠡᠬᠦ᠂ ᠡᠰᠡᠬᠦᠯ᠎ᠡ ᠨᠢᠭᠡᠨᠳᠡ ᠤᠯᠠᠶᠢᠵᠤ ᠬᠥᠯᠳᠡᠭᠰᠡᠨ ᠪᠠᠶᠢᠪᠠᠯ ᠳᠠᠷᠦ᠋ᠢᠬᠠᠨ ᠥᠷᠥᠭᠡᠨ ᠳᠤ ᠤᠷᠤᠵᠤ᠂ ᠭᠠᠷ ᠢᠶᠠᠷ ᠢᠶᠠᠨ ᠬᠥᠩᠭᠡᠬᠡᠨ ᠱᠦᠷᠭᠦᠭᠡᠵᠦ ᠬᠦᠯᠳᠡᠭᠰᠡᠨ ᠰᠢᠷᠬ᠎ᠠ ᠪᠠᠨ ᠨᠠᠮᠳᠠᠭᠤᠯᠤᠨ᠎ᠠ᠃     9᠂ ᠲᠠᠮᠠᠬᠢ ᠲᠠᠲᠠᠬᠤ ᠶᠢ ᠴᠠᠭᠠᠵᠠᠯᠠᠨ᠎ᠠ᠃ ᠡᠪᠦᠯ ᠤᠨ ᠤᠯᠠᠷᠢᠯ ᠳᠤ ᠠᠮᠠᠷᠬᠠᠨ ᠭᠠᠯ ᠤᠨ ᠠᠶᠤᠯ ᠡᠭᠦᠰᠳᠡᠭ᠃ ᠡᠶᠢᠮᠦ ᠠᠴᠠ ᠬᠦᠳᠡᠭᠡ ᠬᠡᠭᠡᠷ᠎ᠡ ᠵᠤᠭᠠᠴᠠᠵᠤ ᠶᠠᠪᠤᠬᠤ ᠳᠤ ᠲᠠᠮᠠᠬᠢ ᠲᠠᠲᠠᠵᠤ ᠪᠤᠯᠬᠤ ᠦᠭᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号