ᠰᠦᠯᠵᠢᠶᠡᠨ ᠤ ᠲᠤᠭᠯᠠᠭᠠᠮ ᠢ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2021/10/12
    ᠤᠯᠤᠰ ᠤᠨ ᠰᠤᠨᠢᠨ ᠮᠡᠳᠡᠭᠡ ᠬᠡᠪᠯᠡᠯ ᠤᠨ ᠬᠢᠨ ᠥᠨᠥᠬᠡᠨ ︽ᠨᠠᠰᠤᠨ ᠳᠤ ᠬᠦᠷᠦᠭᠡ ᠦᠬᠡᠢ ᠬᠦᠮᠦᠰ ᠤᠨ ᠰᠦᠯᠵᠢᠶᠡᠨ ᠤ ᠲᠤᠭᠯᠠᠭᠠᠮ ᠳᠤ ᠰᠢᠨᠤᠬᠤ ᠠᠴᠠ ᠦᠨᠡᠨᠬᠦ ᠰᠡᠷᠭᠡᠶᠢᠯᠡᠵᠦ᠂ ᠰᠦᠯᠵᠢᠶᠡᠨ ᠤ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠳᠡᠯᠡᠭᠰᠡᠨ ᠪᠠᠶᠢᠨ᠎ᠠ᠃     ᠮᠡᠳᠡᠭᠳᠡᠯ  ᠳᠤ  ᠱᠠᠭᠠᠷᠳᠠᠬᠤ ᠳᠠᠭᠠᠨ᠂ ᠰᠦᠯᠵᠢᠶᠡᠨ ᠤ ᠲᠤᠭᠯᠠᠭᠠᠮ ᠤᠨ ᠠᠵᠦ ᠠᠬᠤᠶᠢᠯᠠᠯ᠂ ᠭᠠᠷᠠᠭ ᠤᠨ ᠲᠠᠪᠤᠨ᠂ ᠭᠠᠷᠠᠭ ᠤᠨ ᠵᠢᠷᠭᠤᠭᠠᠨ᠂ ᠭᠠᠷᠠᠭ ᠤᠨ ᠡᠳᠤᠷ ᠪᠠ ᠬᠠᠤᠯᠢ ᠪᠠᠷ ᠲᠤᠭᠳᠠᠭᠠᠭᠰᠠᠨ ᠪᠠᠶᠠᠷ ᠲᠤᠷᠠᠰᠬᠠᠯ ᠤᠨ ᠠᠮᠠᠷᠠᠯᠳᠠ ᠶᠢᠨ ᠡᠳᠤᠷ ᠤᠨ 20 ᠴᠠᠭ ᠠᠴᠠ 21 ᠴᠠᠭ ᠤᠨ ᠬᠤᠭᠤᠷᠤᠨᠳᠤ ᠨᠠᠰᠤᠨ ᠳᠤ ᠬᠦᠷᠦᠭᠡ ᠦᠬᠡᠢ ᠬᠦᠮᠦᠰ ᠲᠤ ᠬᠠᠨᠳᠤᠭᠤᠯᠤᠨ 1 ᠴᠠᠭ ᠤᠨ ᠦᠢᠯᠡᠴᠢᠯᠡᠭᠡ ᠬᠠᠩᠭᠠᠵᠤ ᠪᠣᠯᠣᠨ᠎ᠠ᠂ ᠡᠬᠦᠨ ᠠᠴᠠ ᠪᠤᠰᠤᠳ ᠴᠠᠭ ᠲᠤ ᠨᠠᠰᠤᠨ ᠳᠤ ᠬᠦᠷᠦᠭᠡ ᠦᠬᠡᠢ ᠬᠦᠮᠦᠰ ᠲᠤ ᠶᠠᠮᠠᠷᠪᠠ ᠬᠡᠯᠪᠡᠷᠢ ᠪᠠᠷ ᠰᠦᠯᠵᠢᠶᠡᠨ ᠤ ᠲᠤᠭᠯᠠᠭᠠᠮ ᠤᠨ ᠦᠢᠯᠡᠴᠢᠯᠡᠭᠡ ᠬᠠᠩᠭᠠᠵᠦ ᠪᠤᠯᠬᠤ ᠦᠬᠡᠢ᠃ ᠦᠨᠡᠨ ᠨᠡᠷ᠎ᠡ ᠪᠠᠷ ᠢᠶᠠᠨ ᠲᠠᠩᠰᠠᠯᠠᠭᠤᠯᠤᠭᠰᠠᠨ ᠦᠬᠡᠢ ᠪᠤᠶᠤ ᠦᠨᠡᠨ ᠨᠡᠷ᠎ᠡ ᠪᠠᠷ ᠢᠶᠠᠨ ᠰᠦᠯᠵᠢᠶᠡᠨ ᠳᠤ ᠭᠠᠷᠤᠭ᠎ᠠ ᠦᠬᠡᠢ ᠬᠦᠮᠦᠰ ᠲᠤ ᠶᠠᠮᠠᠷᠪᠠ ᠬᠡᠯᠪᠡᠷᠢ ᠪᠠᠷ ᠰᠦᠯᠵᠢᠶᠡᠨ ᠤ ᠲᠤᠭᠯᠠᠭᠠᠮ ᠤᠨ ᠦᠢᠯᠡᠴᠢᠯᠡᠭᠡ ᠬᠠᠩᠭᠠᠵᠦ ᠪᠤᠯᠬᠤ ᠦᠬᠡᠢ᠃ ᠡᠯ᠎ᠡ ᠱᠠᠳᠤᠨ ᠤ ᠬᠡᠪᠯᠡᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠨᠠᠰᠤᠨ ᠳᠤ ᠬᠦᠷᠦᠭᠡ ᠦᠬᠡᠢ ᠬᠦᠮᠦᠰ ᠤᠨ ᠰᠦᠯᠵᠢᠶᠡᠨ ᠤ ᠲᠤᠭᠯᠠᠭᠠᠮ ᠳᠤ ᠰᠢᠨᠤᠬᠤ ᠠᠴᠠ ᠰᠡᠷᠭᠡᠶᠢᠯᠡᠬᠦ ᠬᠠᠮᠢᠶᠠᠲᠠᠢ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠬᠢᠨᠠᠨ ᠱᠠᠭᠠᠷᠳᠠᠵᠦ ᠪᠠᠶᠢᠴᠠᠭᠠᠬᠤ ᠪᠠᠨ ᠴᠢᠩᠭᠠᠳᠬᠠᠵᠦ᠂ ᠬᠠᠮᠢᠶᠠᠲᠠᠢ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠬᠡᠢ ᠰᠦᠯᠵᠢᠶᠡᠨ ᠤ ᠲᠤᠭᠯᠠᠭᠠᠮ ᠤᠨ ᠠᠵᠦ ᠠᠬᠤᠶᠢᠯᠠᠯ ᠠᠴᠠ ᠬᠠᠤᠯᠢ ᠶᠤᠰᠤᠭᠠᠷ ᠬᠠᠷᠢᠭᠤᠴᠠᠯᠭ᠎ᠠ ᠴᠢᠩᠭ᠎ᠠ ᠨᠡᠬᠡᠮᠵᠢᠯᠡᠬᠦ ᠬᠡᠷᠡᠭᠲᠠᠢ᠃ ᠭᠡᠷ ᠪᠦᠯᠢ᠂ ᠰᠤᠷᠭᠠᠭᠤᠯᠢ ᠵᠡᠷᠭᠡ ᠨᠡᠶᠢᠬᠡᠮ ᠤᠨ ᠡᠯ᠎ᠡ ᠲᠠᠯ᠎ᠠ ᠶᠢ ᠢᠳᠡᠪᠬᠢᠲᠠᠢ ᠵᠢᠯᠤᠭᠤᠳᠤᠨ ᠲᠠᠭᠠᠭᠤᠯᠵᠦ ᠪᠠᠶᠢᠭᠠᠳ ᠬᠠᠮᠳᠤ ᠪᠠᠷ ᠬᠠᠮᠢᠶᠠᠷᠤᠨ ᠬᠠᠮᠳᠤ ᠪᠠᠷ ᠵᠠᠰᠠᠵᠦ᠂ ᠨᠠᠰᠤᠨ ᠳᠤ ᠬᠦᠷᠦᠭᠡ ᠦᠬᠡᠢ ᠬᠦᠮᠦᠰ ᠢ ᠠᠰᠠᠷᠠᠨ ᠬᠠᠷᠠᠭᠠᠯᠵᠠᠬᠤ ᠡᠬᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠵᠦ᠂ ᠨᠠᠰᠤᠨ ᠳᠤ ᠬᠦᠷᠦᠭᠡ ᠦᠬᠡᠢ ᠬᠦᠮᠦᠰ ᠤᠨ ᠡᠷᠡᠬᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠤᠷᠴᠢᠨ ᠨᠥᠬᠦᠴᠡᠯ ᠢ ᠪᠤᠢ ᠪᠤᠯᠭᠠᠵᠦ ᠦᠭᠬᠦ ᠬᠡᠷᠡᠭᠲᠠᠢ ᠭᠡᠵᠠᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号