ᠵᠤᠷᠢᠭ ᠰᠢᠭᠤᠳᠤᠨ ᠠᠵᠢᠯ ᠤᠨ ᠰᠤᠷᠳᠠᠯ ᠢᠶᠠᠨ ᠰᠠᠶᠢᠵᠢᠷᠠᠭᠤᠯᠰᠤᠭᠠᠢ
ᠨᠡᠶᠢᠲᠡᠯᠡᠭᠰᠡᠨ ᠴᠠᠭ᠄
2021/10/13
    ︽ᠠᠷᠪᠠᠨ ᠲᠦᠷᠪᠡᠲᠦᠭᠡᠷ ᠲᠠᠪᠤᠨ ᠵᠢᠯ︾᠎ ᠤᠨ ᠰᠠᠶᠢᠨ ᠡᠬᠢᠯᠡᠯᠲᠡ ᠶᠢ ᠪᠠᠳᠤᠯᠠᠬᠤ ᠶᠢᠨ ᠲᠦᠯᠦᠭᠡ᠂ ᠪᠢᠳᠠ ᠡᠷᠭᠡᠪᠰᠢ ᠠᠵᠢᠯ ᠤᠨ ᠰᠤᠷᠳᠠᠯ ᠢᠶᠠᠨ ᠰᠠᠶᠢᠵᠢᠷᠠᠭᠤᠯᠵᠤ᠂ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠲᠡᠢ᠃ ᠰᠢᠨ᠎ᠠ ᠡᠬᠦᠷᠭᠡ ᠰᠢᠨ᠎ᠠ ᠱᠠᠭᠠᠷᠳᠠᠯᠭ᠎ᠠ ᠳᠤ ᠬᠠᠨᠳᠤᠨ᠂ ᠪᠢᠳᠠ ᠶᠠᠮᠠᠷ ᠰᠢᠬ ᠵᠤᠷᠢᠭ ᠰᠠᠨᠠᠭᠠᠨ ᠤ ᠪᠠᠶᠢᠳᠠᠯ ᠪᠠ ᠠᠵᠢᠯ ᠤᠨ ᠰᠤᠷᠳᠠᠯ ᠢᠶᠠᠷ ᠠᠵᠢᠯ ᠬᠢᠵᠤ ᠦᠢᠯᠡᠰ ᠪᠤᠰᠬᠠᠬᠤ ᠨᠢ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠴᠢᠬᠤᠯᠠ ᠶᠡᠭᠡ ᠰᠢᠢᠳᠪᠤᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠮᠠᠨ ᠤ ᠠᠶᠢᠮᠠᠭ ᠲᠤ ᠨᠠᠶᠢᠳᠠᠪᠤᠷᠢᠵᠢᠭᠳᠠᠨ ᠦᠷ᠎ᠠ ᠪᠦᠲᠦᠮᠵᠢ ᠤᠯᠬᠤ ᠲᠠᠢ ᠰᠢᠭᠤᠳ ᠬᠤᠯᠪᠤᠭᠳᠠᠵᠤ᠂ ᠮᠠᠨ ᠤ ᠠᠶᠢᠮᠠᠭ ᠤᠨ ᠡᠯ᠎ᠡ ᠲᠠᠯ᠎ᠠ ᠶᠢᠨ ᠦᠢᠯᠡᠰ ᠤᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠲᠠᠢ ᠰᠢᠭᠤᠳ ᠬᠤᠯᠪᠤᠭᠳᠠᠵᠤ᠂ ᠨᠠᠮ ᠪᠠ ᠵᠠᠰᠠᠭ ᠤᠨ ᠤᠷᠳᠤᠨ ᠤ ᠠᠷᠠᠳ ᠲᠦᠮᠡᠨ ᠤ ᠲᠤᠮᠳᠠᠬᠢ ᠡᠷᠭᠡ ᠰᠦᠷ ᠲᠤ ᠰᠢᠭᠤᠳ ᠬᠤᠯᠪᠤᠭᠳᠠᠨ᠎ᠠ᠃ ᠪᠦᠬᠦ ᠠᠶᠢᠮᠠᠭ ᠲᠠᠶᠠᠭᠠᠷ ᠬᠠᠨᠳᠤᠰᠢ ᠶᠢ ᠲᠠᠨᠢᠵᠤ᠂ ᠠᠰᠠᠭᠤᠳᠠᠯ ᠳᠤ ᠰᠢᠭᠤᠳ ᠬᠠᠨᠳᠤᠨ᠂ ᠡᠷᠡᠰ ᠬᠠᠳᠠᠭᠤ ᠵᠤᠷᠢᠭ ᠢᠶᠠᠷ ᠠᠵᠢᠯ ᠤᠨ ᠰᠤᠷᠳᠠᠯ ᠢᠶᠠᠨ ᠰᠠᠶᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠲᠡᠢ᠃     ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠰᠢᠯᠢᠳᠡᠭ ᠦᠷ᠎ᠠ ᠪᠦᠲᠦᠮᠵᠢ ᠤᠯᠤᠭᠰᠠᠨ ᠨᠢ ᠺᠠᠳ᠋ᠷ ᠤᠯᠠᠨ ᠲᠦᠮᠡᠨ ᠤ ᠬᠠᠳᠠᠭᠤᠵᠢᠯᠳᠠᠢ ᠠᠵᠢᠯᠯᠠᠬᠤ ᠠᠵᠢᠯ ᠤᠨ ᠰᠤᠷᠳᠠᠯ᠂ ᠤᠷᠬᠢᠯᠤᠮ᠎ᠠ ᠬᠠᠯᠠᠭᠤᠨ ᠵᠤᠷᠢᠭ ᠰᠠᠨᠠᠭ᠎ᠠ ᠠᠴᠠ ᠰᠠᠯᠵᠤ ᠴᠢᠳᠠᠬᠤ ᠦᠭᠡᠢ ᠶᠤᠮ᠃ ᠭᠡᠪᠡᠴᠤ᠂ ᠪᠢᠳᠠ ᠪᠠᠰᠠ ᠺᠠᠳ᠋ᠷ ᠤᠯᠠᠨ ᠲᠦᠮᠠᠨ ᠤ ᠠᠵᠢᠯ ᠤᠨ ᠰᠤᠷᠳᠠᠯ ᠨᠢ ᠮᠠᠨ ᠤ ᠠᠶᠢᠮᠠᠭ ᠤᠨ ᠭᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ᠂ ᠲᠠᠪᠠᠯᠳᠠᠳᠤ ᠬᠦᠭᠵᠢᠯᠲᠡ ᠶᠢᠨ ᠱᠠᠭᠠᠷᠳᠠᠯᠭ᠎ᠠ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ᠨᠡᠯᠢᠶᠠᠳ ᠵᠦᠷᠢᠶ᠎ᠠ ᠲᠠᠢ ᠪᠠᠶᠢᠬᠤ ᠶᠢ ᠤᠯᠵᠤ ᠬᠠᠷᠠᠬᠤ ᠭᠡᠷᠡᠭᠲᠡᠢ᠃ ᠵᠠᠷᠢᠮ ᠺᠠᠳ᠋ᠷ ᠠᠵᠢᠯ ᠤᠨ ᠲᠤᠮᠳᠠ ᠪᠠᠨ ᠬᠦᠳᠡᠯᠬᠦ ᠨᠢ ᠤᠳᠠᠭᠠᠨ᠂ ᠵᠤᠷᠢᠭᠳᠠᠢ ᠡᠬᠦᠷᠭᠡᠯᠡᠬᠦ ᠦᠭᠡᠢ᠂ ᠰᠠᠬᠢᠯᠭ᠎ᠠ ᠪᠠᠳᠤ ᠲᠦᠷᠢᠮ ᠲᠤᠭᠳᠠᠭᠠᠯ ᠢ ᠵᠢᠷᠤᠮᠯᠠᠬᠤ ᠦᠭᠡᠢ᠂ ᠡᠷᠡᠮᠡᠭᠡᠶᠢᠯᠡᠨ ᠲᠠᠪᠰᠢᠬᠤ ᠵᠤᠷᠢᠭ ᠲᠤᠳᠠᠮᠠᠭ ᠵᠡᠷᠭᠡ ᠦᠵᠡᠭᠲᠡᠯ ᠤᠷᠤᠰᠢᠳᠠᠭ᠂ ᠡᠳᠡᠭᠡᠷ ᠨᠢ ᠮᠠᠨ ᠤ ᠠᠶᠢᠮᠠᠭ ᠤᠨ ᠦᠭᠡᠷᠡᠴᠢᠯᠡᠯᠲᠡ ᠬᠦᠭᠵᠢᠯᠲᠡ ᠶᠢᠨ ᠶᠡᠭᠡ ᠲᠠᠯ᠎ᠠ ᠶᠢ ᠨᠦᠯᠦᠭᠡᠯᠡᠵᠤ᠂ ᠮᠠᠨ ᠤ ᠠᠶᠢᠮᠠᠭ ᠤᠨ ᠬᠦᠭᠵᠢᠯᠲᠡ ᠶᠢᠨ ᠠᠯᠬᠤᠮ ᠢ ᠤᠳᠠᠭᠠᠰᠢᠷᠠᠭᠤᠯᠵᠦ ᠪᠤᠢ᠃ ᠪᠢᠳᠠ ᠡᠷᠭᠡᠪᠰᠢ ᠵᠤᠷᠢᠭ ᠰᠢᠭᠤᠳᠤᠨ ᠠᠵᠢᠯ ᠤᠨ ᠰᠤᠷᠳᠠᠯ ᠢᠶᠠᠨ ᠰᠠᠶᠢᠵᠢᠷᠠᠭᠤᠯᠵᠤ᠂ ᠮᠠᠭᠤ ᠲᠠᠳᠬᠠᠯ ᠢᠶᠠᠨ ᠬᠤᠪᠢᠷᠠᠭᠤᠯᠬᠤ ᠭᠡᠷᠡᠭᠲᠡᠢ᠃     ᠡᠯ᠎ᠠ ᠱᠠᠲᠤᠨ ᠤ ᠨᠠᠮ ᠤᠨ ᠬᠡᠰᠢᠬᠦᠨ ᠤᠳᠤᠷᠢᠳᠬᠤ ᠺᠠᠳ᠋ᠷ ᠡᠷᠭᠡᠪᠰᠢ ᠪᠤᠳᠠᠳᠠᠢ ᠠᠵᠢᠯᠯᠠᠬᠤ ᠲᠣᠯᠭᠠᠮ᠎ᠠ ᠰᠡᠳᠬᠢᠯᠭᠡ ᠪᠠᠨ ᠴᠢᠩᠭᠠᠳᠬᠠᠵᠦ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠲᠡᠭᠡᠭᠰᠢᠯᠡᠬᠦᠯᠤᠨ᠂ ᠶᠡᠭᠡ ᠲᠠᠯ᠎ᠠ ᠶᠢᠨ ᠤᠬᠠᠮᠰᠠᠷ ᠪᠠ ᠪᠦᠬᠦ ᠲᠠᠯ᠎ᠠ ᠶᠢᠨ ᠦᠵᠡᠯᠳᠡ ᠪᠠᠨ ᠴᠢᠩᠭᠠᠳᠬᠠᠨ᠂ ᠤᠬᠠᠮᠰᠠᠷ ᠠᠴᠠ ᠪᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠭᠡᠷᠡᠭᠲᠡᠢ᠃ ᠤᠳᠤᠬᠠᠨ ᠳᠤ᠂ ᠮᠠᠨ ᠤ ᠠᠶᠢᠮᠠᠭ ᠤᠨ ᠠᠵᠢᠯ ᠴᠢᠬᠤᠯᠠ ᠵᠠᠩᠬᠢᠯᠠᠭ᠎ᠠ ᠶᠢᠨ ᠱᠠᠲᠤᠨ ᠳᠤ ᠤᠷᠤᠵᠦ᠂ ᠠᠵᠢᠯ ᠤᠨ ᠡᠭᠦᠷᠭᠡ ᠬᠦᠨᠲᠤ ᠪᠤᠳᠤᠯᠢᠶᠠᠨᠳᠠᠢ ᠪᠠᠶᠢᠵᠦ᠂ ᠺᠠᠳ᠋ᠷ ᠤᠨ ᠡᠩᠨᠡᠭᠡ ᠳᠤ ᠤᠷᠤᠰᠢᠬᠤ ᠲᠤᠪᠤᠶᠢᠮ᠎ᠠ ᠰᠤᠷᠳᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂ ᠭᠡᠯᠪᠡᠷᠢᠴᠢ ᠦᠵᠡᠯ ᠨᠤᠶᠠᠨᠴᠢ ᠰᠤᠷᠳᠠᠯ ᠢ ᠡᠷᠡᠰ ᠲᠡᠪᠴᠢᠵᠦ᠂ ᠪᠦᠬᠦ ᠠᠶᠢᠮᠠᠭ ᠢ ᠲᠠᠶᠢᠴᠢᠯᠠᠨ ᠰᠤᠷᠳᠠᠯ ᠢᠶᠠᠨ ᠬᠤᠪᠢᠷᠠᠭᠤᠯᠵᠦ᠂ ᠮᠠᠨ ᠤ ᠠᠶᠢᠮᠠᠭ ᠤᠨ ᠠᠵᠦ ᠠᠬᠤᠢ ᠨᠡᠶᠢᠬᠡᠮ ᠤᠨ ᠪᠦᠬᠦ ᠲᠠᠯ᠎ᠠ ᠶᠢᠨ ᠬᠦᠭᠵᠢᠯᠲᠠ ᠳᠤ ᠬᠦᠴᠦᠷᠭᠡᠭ ᠬᠦᠳᠡᠯᠭᠡᠬᠦ ᠬᠦᠴᠦᠨ ᠪᠡ ᠤᠬᠢ ᠰᠠᠶᠢᠨ ᠤᠷᠴᠢᠨ ᠬᠠᠩᠭᠠᠬᠤ ᠭᠡᠷᠡᠭᠲᠡᠢ᠃ ᠰᠢᠨ᠎ᠠ ᠬᠠᠨᠳᠤᠰᠢ ᠰᠢᠨ᠎ᠠ ᠡᠬᠦᠷᠭᠡ ᠰᠢᠨ᠎ᠠ ᠱᠠᠭᠠᠷᠳᠠᠯᠭ᠎ᠠ ᠳᠤ ᠬᠠᠨᠳᠤᠭᠤᠯᠤᠨ᠂ ᠤᠯᠤᠰ ᠲᠦᠷᠦ ᠶᠢᠨ ᠴᠢᠳᠠᠪᠤᠷᠢ᠂ ᠰᠤᠷᠤᠯᠴᠠᠯᠭ᠎ᠠ ᠶᠢᠨ ᠴᠢᠳᠠᠪᠤᠷᠢ᠂ ᠨᠠᠶᠢᠳᠠᠪᠤᠷᠢᠵᠢᠭᠤᠯᠤᠯᠳᠠ ᠶᠢᠨ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠲᠡᠢ᠃ ᠪᠦᠬᠦ ᠠᠶᠢᠮᠠᠭ ᠲᠠᠶᠠᠭᠠᠷ ᠠᠵᠢᠯ ᠤᠨ ᠰᠤᠷᠳᠠᠯ ᠢᠶᠠᠨ ᠰᠠᠶᠢᠵᠢᠷᠠᠭᠤᠯᠬᠤ ᠪᠠᠷ ᠲᠠᠮᠵᠢᠨ᠂ ᠵᠤᠷᠢᠭᠳᠠᠢ ᠡᠬᠦᠷᠭᠡᠯᠡᠵᠤ᠂ ᠡᠷᠡᠮᠡᠭᠡᠶᠢᠯᠡᠨ ᠤᠷᠤᠭᠰᠢᠯᠠᠬᠤ ᠲᠤᠮᠳᠠ ᠠᠵᠠ ᠲᠤᠬᠢᠶᠠᠯ ᠢ ᠠᠳᠬᠤᠨ᠂ ᠰᠢᠨ᠎ᠠ ᠶᠢ ᠡᠬᠦᠳᠬᠦ ᠲᠤᠮᠳᠠ ᠬᠦᠴᠢᠷ ᠠᠰᠠᠭᠤᠳᠠᠯ ᠢ ᠰᠢᠢᠳᠪᠤᠷᠢᠯᠠᠵᠤ᠂ ᠡᠯ᠎ᠡ ᠲᠠᠯ᠎ᠠ ᠶᠢᠨ ᠠᠵᠢᠯ ᠢ ᠪᠤᠳᠠᠳᠠᠢ ᠬᠢᠵᠤ᠂ ᠦᠷ᠎ᠠ ᠪᠦᠲᠦᠮᠵᠢ ᠭᠠᠷᠭᠠᠬᠤ ᠭᠡᠷᠡᠭᠲᠡᠢ᠃     ᠰᠤᠷᠳᠠᠯ ᠤᠨ ᠪᠠᠶᠢᠭᠤᠯᠤᠯᠳᠠ ᠪᠤᠯ ᠪᠤᠭᠤᠮᠳᠠ ᠰᠢᠪᠳᠤᠯᠬᠤ ᠲᠠᠶᠢᠯᠠᠯᠳᠤᠭᠠᠨ᠂ ᠮᠦᠨ ᠴᠤ ᠤᠳᠠᠭᠠᠨ ᠲᠠᠭᠠᠭᠠᠮᠠᠭᠠᠢ ᠲᠠᠶᠢᠯᠠᠯᠳᠤᠭᠠᠨ ᠪᠤᠯᠤᠨ᠎ᠠ᠃ ᠰᠢᠨ᠎ᠠ ᠲᠦᠷᠢ ᠲᠦᠷᠬᠦ᠂ ᠰᠢᠨ᠎ᠠ ᠤᠪᠤᠷ ᠪᠠᠶᠢᠳᠠᠯ᠂ ᠰᠢᠨ᠎ᠠ ᠤᠶᠤᠨ ᠰᠠᠨᠠᠭᠠᠨ ᠤ ᠳᠦᠷᠰᠤ ᠪᠠᠶᠢᠳᠠᠯ ᠢᠶᠠᠷ ᠠᠵᠢᠯ ᠤᠨ ᠰᠤᠷᠳᠠᠯ ᠢᠶᠠᠨ ᠰᠠᠶᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠨᠢᠭᠡ ᠰᠡᠳᠬᠢᠯ ᠨᠢᠭᠡ ᠵᠤᠷᠢᠭ ᠢᠶᠠᠷ ᠠᠵᠢᠯ ᠬᠢᠵᠤ ᠨᠠᠶᠢᠳᠠᠪᠤᠷᠢᠵᠢᠭᠤᠯᠤᠯᠳᠠ ᠶᠢ ᠠᠳᠬᠤᠰᠤᠭᠠᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号